ᠥᠪᠡᠷᠲᠡᠭᠡᠨ ᠵᠠᠰᠠᠬᠤ ᠣᠷᠣᠨ ᠤ ᠤᠶᠤᠨᠲᠤ ᠪᠣᠭᠤᠮᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/5/29
      5 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠪᠣᠭᠤᠮᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ᠂ ᠮᠠᠨ ᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ᠂ ᠪᠠᠷᠠᠭᠠᠨ ᠤ ᠲᠡᠭᠡᠭᠡᠪᠦᠷᠢ ᠶᠢᠨ ᠬᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠵᠡᠷᠭᠡ ᠶᠢᠨ ᠲᠣᠭᠤᠷᠢᠨ ᠳᠤ ᠬᠠᠷᠢᠭᠤ ᠮᠡᠳᠡᠭᠦᠯᠵᠦ ᠰᠠᠨᠠᠯ ᠢᠶᠠᠨ ᠰᠣᠯᠢᠯᠴᠠᠪᠠ᠃    ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠣᠯᠤᠭᠰᠠᠨ ᠦᠷ᠎ᠡ ᠪᠦᠲᠦᠮᠵᠢ ᠶᠢ ᠨᠤᠲᠠᠯᠠᠬᠤ ᠶᠢᠨ ᠬᠠᠮᠲᠤ᠂ ᠪᠣᠭᠤᠮᠲᠠ ᠪᠣᠯ ᠭᠠᠳᠠᠭᠠᠳᠤ ᠬᠠᠷᠢᠯᠴᠠᠭᠠᠨ ᠤ ᠲᠣᠮᠣ ᠡᠭᠦᠳᠡ ᠮᠥᠨ᠂ ᠡᠷᠢᠶᠡᠨ ᠬᠤᠲᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠬᠠᠮᠵᠢᠯᠴᠠᠭ᠎ᠠ ᠶᠢ ᠨᠢᠭᠲᠠᠷᠠᠭᠤᠯᠵᠤ᠂ ᠪᠣᠭᠤᠮᠲᠠ ᠶᠢᠨ ᠮᠡᠳᠡᠭᠡ ᠵᠠᠩᠭᠢᠵᠢᠯᠲᠠ᠂ ᠤᠶᠤᠨᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ᠂ ᠪᠠᠷᠠᠭᠠᠨ ᠤ ᠲᠡᠭᠡᠭᠡᠪᠦᠷᠢ ᠶᠢᠨ ᠬᠦᠢᠯᠭᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠤᠶᠤᠨᠲᠤ ᠷᠠᠳᠢᠣ᠋ ᠲᠧᠯᠸᠢᠰ ᠢᠶᠠᠷ ᠪᠣᠭᠤᠮᠲᠠ ᠶᠢᠨ ᠠᠵᠤ ᠠᠬᠤᠶ ᠠᠷᠠᠯᠵᠢᠶ᠎ᠠ ᠳᠤ ᠠᠰᠢᠭ ᠬᠦᠷᠲᠡᠭᠡᠵᠦ᠂ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠷᠢᠶᠡᠨ ᠬᠤᠲᠠ ᠶᠢᠨ ᠠᠷᠠᠳ ᠲᠦᠮᠡᠨ ᠳᠤ ᠬᠦᠷᠲᠡᠭᠡᠵᠦ᠂ ᠪᠣᠭᠤᠮᠲᠠ ᠶᠢᠨ ᠠᠵᠤ ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠢᠶᠡᠨ ᠭᠠᠶᠢᠯᠢ ᠶᠢᠨ ᠪᠣᠭᠤᠮᠲᠠ᠂ ᠲᠡᠮᠦᠷ ᠵᠠᠮ ᠤᠨ ᠲᠡᠷᠭᠡᠨ ᠥᠷᠲᠡᠭᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号