【 ᠪᠣᠬᠢᠷᠲᠤᠯ ᠦᠭᠡᠢ ᠬᠥᠭᠵᠢᠯᠲᠡ ᠳᠣᠣᠷ᠎ᠠ ᠨᠡᠭᠦᠷᠡᠰᠦᠳᠦ᠋ᠷᠦᠭᠴᠢᠲᠦ ᠠᠮᠢᠳᠤᠷᠠᠯ 】 ᠮᠠᠨ ᠤ ᠬᠤᠲᠠ ᠶᠢᠨ 36 ᠨᠢᠭᠡᠴᠡ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ
ᠨᠡᠶᠢᠲᠡᠯᠡᠭᠰᠡᠨ ᠴᠠᠭ᠄
2023/5/30
   5 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ ᠮᠠᠨ ᠤ ᠬᠤᠲᠠ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠠᠴᠠ ᠣᠶᠢᠯᠠᠭᠠᠭᠰᠠᠨ ᠨᠢ᠂ 2020 ᠣᠨ ᠠᠴᠠ 2022 ᠣᠨ ᠪᠣᠯᠲᠠᠯ᠎ᠠ᠂ ᠮᠠᠨ ᠤ ᠬᠤᠲᠠ ᠶᠢᠨ 36 ᠨᠢᠭᠡᠴᠡ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢᠨ ᠢᠷᠠᠭᠤ ᠠᠯᠳᠠᠷ ᠤᠨ ᠴᠣᠯᠠ ᠭᠥᠷᠳᠡᠪᠡ᠃
   
          ᠪᠣᠯᠪᠠᠰᠤᠷᠠᠯ ᠤᠨ ᠬᠤᠷᠠᠯ ᠤᠨ ᠠᠬᠤᠶ ᠲᠠᠯᠠᠪᠠᠢ    ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾᠂ ᠰᠦᠯᠢᠶᠣᠣ ᠪᠦᠷᠬᠦᠪᠴᠢ ᠶᠢ ᠴᠠᠭᠠᠵᠠᠯᠠᠬᠤ᠂ ᠢᠳᠡᠭᠡᠨ ᠤᠮᠳᠠᠭᠠᠨ ᠢ ᠪᠦᠷᠢᠯᠭᠡᠬᠦ ᠶᠢ ᠬᠤᠷᠢᠭᠯᠠᠬᠤ ᠵᠡᠷᠭᠡ ᠠᠵᠢᠯ ᠢ ᠬᠢᠨᠠᠮᠠᠭᠠᠶ ᠥᠷᠨᠢᠭᠦᠯᠵᠦ᠂ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠬᠤ᠂ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ᠂ ᠪᠣᠬᠢᠷᠲᠤᠯ ᠥᠬᠡᠶ ᠪᠠᠷ ᠠᠯᠪᠠᠯᠠᠬᠤ ᠶᠢ ᠬᠡᠷᠡᠭᠵᠢᠭᠦᠯᠬᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ᠂ ᠤᠬᠠᠭᠤᠯᠭ᠎ᠠ ᠬᠥᠮᠦᠵᠢᠯ ᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠨᠧᠷᠭᠢ ᠠᠷᠪᠢᠯᠠᠬᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ 2020 ᠣᠨ ᠠᠴᠠ 2022 ᠣᠨ ᠪᠣᠯᠲᠠᠯ᠎ᠠ᠂ ᠪᠥᠬᠦ ᠬᠤᠲᠠ ᠶᠢᠨ 36 ᠪᠠᠶᠢᠭᠤᠯᠭ᠎ᠠ ᠨᠢᠭᠡᠴᠡ ᠡᠭᠦᠳᠦᠨ ᠪᠠᠶᠢᠭᠤᠯᠬᠤ ᠶᠢ ᠠᠮᠵᠢᠯᠲᠠ ᠲᠠᠢ ᠪᠡᠶᠡᠯᠡᠭᠦᠯᠵᠦ᠂ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃    
  2020 ᠣᠨ᠂ 2021 ᠣᠨ ᠤ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢ ᠡᠭᠦᠳᠦᠨ ᠪᠠᠶᠢᠭᠤᠯᠬᠤ ᠨᠢᠭᠡᠴᠡ ᠳᠤ ᠦᠨᠡᠮᠯᠡᠯ ᠣᠯᠭᠤᠪᠠ    ᠬᠤᠷᠠᠯ ᠳᠡᠭᠡᠷ᠎ᠡ 2020᠂ 2021 ᠣᠨ ᠤ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢ ᠡᠭᠦᠳᠦᠨ ᠪᠠᠶᠢᠭᠤᠯᠬᠤ ᠨᠢᠭᠡᠴᠡ ᠶᠢ ᠨᠡᠶᠢᠲᠡᠯᠡᠭᠰᠡᠨ ᠪᠥᠭᠡᠳ ᠦᠨᠡᠮᠯᠡᠯ ᠣᠯᠭᠤᠪᠠ᠃    ᠬᠤᠷᠠᠯ ᠤᠨ ᠳᠠᠷᠠᠭ᠎ᠠ᠂ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠪᠠᠰᠠ 2023 ᠣᠨ ᠤ ︽ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ︾ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ ᠪᠣᠯᠪᠠᠰᠤᠷᠠᠯ ᠥᠷᠨᠢᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号