ᠬᠥᠳᠡᠯᠮᠦᠷᠢ ᠬᠠᠮᠤᠭ ᠠᠴᠠ ᠥᠩᠭᠡ ᠭᠡᠷᠡᠯ ᠲᠠᠢ︕ ᠣᠷᠴᠢᠨ ᠲᠣᠭᠤᠷᠢᠨ ᠤ ᠠᠵᠢᠯᠴᠢᠳ ᠬᠦᠳᠡᠯᠮᠣᠷᠢ  ᠪᠠᠷ ᠢᠶᠠᠨ ᠬᠤᠳᠠ ᠶᠢ ᠬᠡᠷᠡᠯᠳᠦᠬᠦᠯᠦᠨ᠎ᠡ
ᠨᠡᠶᠢᠲᠡᠯᠡᠭᠰᠡᠨ ᠴᠠᠭ᠄
2023/5/4
    ︽5.1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠳᠤ ᠮᠥᠨ ᠯᠡ ᠲᠤᠭ᠎ᠠ ᠲᠣᠮᠰᠢ ᠦᠭᠡᠢ ᠣᠯᠠᠨ ᠬᠥᠳᠡᠯᠮᠦᠷᠢᠴᠢᠨ ᠠᠵᠢᠯ ᠤᠨ ᠪᠠᠶᠢᠷᠢ ᠪᠠᠨ ᠦᠭᠡ ᠳᠠᠭᠤᠨ ᠦᠭᠡᠢ ᠪᠠᠷ ᠪᠠᠲᠤ ᠰᠠᠬᠢᠵᠤ᠂ ᠬᠦᠳᠡᠯᠮᠣᠷᠢ ᠶᠢᠨ ᠬᠥᠯᠥᠰᠥ ᠪᠠᠨ ᠬᠦᠯ ᠳᠣᠣᠭᠤᠷ ᠰᠢᠮᠡᠳᠦᠨ ᠣᠷᠣᠭᠤᠯᠵᠤ᠂ ᠥᠪᠡᠷ ᠤᠨ ᠬᠦᠳᠡᠯᠮᠣᠷᠢ ᠪᠠᠷ ᠬᠤᠲᠠ ᠶᠢᠨ ᠠᠷᠠᠳ ᠣᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠵᠤ ᠠᠪᠴᠢᠷᠠᠭᠰᠠᠨ ᠪᠠᠶᠢᠨ᠎ᠠ᠃ ᠪᠢᠳᠡ ᠲᠣᠯᠢᠳᠠᠭᠴᠢ ᠪᠠᠷ ᠳᠠᠮᠵᠢᠭᠤᠯᠤᠨ ᠳᠡᠷᠭᠡᠳᠡᠬᠢ ᠪᠠᠲᠤ ᠰᠠᠬᠢᠭᠴᠢ ᠳᠤ ᠠᠩᠬᠠᠷᠤᠯ ᠢᠶᠠᠨ ᠲᠥᠪᠯᠡᠷᠡᠭᠦᠯᠦᠶ᠎ᠡ᠃ ᠲᠡᠳᠡᠨ ᠤ ᠪᠣᠷᠣᠭᠵᠢᠭᠤᠨ ᠳᠦᠷᠰᠦ ᠪᠠᠶᠢᠳᠠᠯ ᠪᠣᠯ ᠶᠠᠭ ᠴᠤ ᠲᠦᠮᠡᠨ ᠬᠥᠳᠡᠯᠮᠦᠷᠢᠴᠢᠳ ᠤᠨ ᠴᠥᠬᠦᠷᠡᠰᠢ ᠦᠭᠡᠢ ᠴᠢᠷᠮᠠᠶᠢᠵᠤ ᠬᠦᠰᠡᠯ ᠵᠡᠭᠦᠳᠦ ᠪᠠᠨ ᠬᠥᠭᠡᠭᠡᠴᠡᠯᠳᠦᠬᠦ ᠬᠤᠷᠢᠶᠠᠩᠭᠤᠢ ᠳᠦᠷᠰᠦ ᠮᠥᠨ᠃    ᠠᠪᠤᠷᠭᠤ ᠭᠦᠷᠪᠡᠯ ᠵᠡᠭᠡᠯᠢ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠧᠦ ᠡᠦ ᠪᠣᠯᠤᠨ ᠬᠠᠮᠲᠤ ᠠᠵᠢᠯᠲᠠᠳ ᠶᠠᠭ ᠰᠠᠶᠢᠬᠠᠨ ᠵᠡᠭᠡᠯᠢ ᠭᠤᠳᠤᠮᠵᠢ ᠶᠢ ᠴᠡᠪᠡᠷᠯᠡᠵᠦ ᠪᠠᠶᠢᠨ᠎ᠠ᠂ ᠲᠡᠳᠡ ᠱᠦᠭᠦᠷ ᠵᠡᠷᠭᠡ ᠤᠯᠠᠨ ᠵᠦᠢᠯ ᠤᠨ ᠠᠵᠢᠯ ᠤᠨ ᠪᠠᠭᠠᠵᠢ ᠪᠠᠷ ᠡᠯ᠎ᠡ ᠵᠦᠢᠯ ᠤᠨ ᠬᠤᠭ ᠨᠣᠪᠰᠢ ᠶᠢ ᠤᠷᠠᠨ ᠢᠶᠠᠷ ᠴᠡᠪᠡᠷᠯᠡᠵᠦ᠂ ᠴᠡᠪᠡᠷᠯᠡᠨ ᠲᠡᠭᠡᠭᠡᠪᠦᠷᠢᠯᠡᠵᠦ᠂ ᠥᠨᠳᠥᠷ ᠪᠦᠲᠦᠮᠵᠢᠲᠡᠢ ᠪᠠᠷ ᠴᠠᠭ ᠲᠤᠬᠠᠢ ᠳᠤᠨᠢ ᠴᠡᠪᠡᠷᠯᠡᠬᠦ ᠶᠢ ᠪᠠᠲᠤᠯᠠᠪᠠ᠃ 4 ᠰᠠᠷ᠎ᠠ ᠶᠢᠨ ᠳᠤᠮᠳᠠᠴᠢ ᠠᠴᠠ ᠡᠬᠢᠯᠡᠨ᠂ ᠬᠤᠲᠠ ᠶᠢᠨ ᠬᠤᠢ ᠹᠧᠩ ᠴᠢᠩ ᠰᠢᠤᠸᠠᠨ ᠣᠷᠴᠢᠨ ᠲᠣᠭᠤᠷᠢᠨ ᠤ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠵᠠᠮ ᠵᠡᠭᠡᠯᠢ ᠶᠢᠨ ᠴᠠᠭ ᠢ ᠤᠷᠲᠤᠳᠬᠠᠨ ᠠᠷᠢᠭᠤᠨ ᠴᠡᠪᠡᠷ ᠤᠨ ᠦᠢᠯᠡᠴᠢᠯᠡᠭᠡ ᠶᠢ ᠨᠠᠷᠢᠯᠢᠭᠵᠢᠭᠤᠯᠵᠤ᠂ ᠤᠷᠤᠭᠰᠢᠯᠠᠯᠲᠠ ᠶᠢᠨ ᠵᠠᠮ᠂ ᠠᠪᠤᠷᠭᠤ ᠭᠦᠷᠪᠡᠯ ᠶᠡᠭᠡ ᠵᠡᠭᠡᠯᠢ᠂ ᠰᠢᠨᠬᠤᠸᠠ ᠶᠡᠭᠡ ᠵᠡᠭᠡᠯᠢ᠂ ᠰᠦᠨᠢᠳ ᠵᠡᠭᠡᠯᠢ᠂ ᠪᠦᠳᠦᠬᠡᠨ ᠪᠠᠶᠢᠭᠤᠯᠣᠯᠳᠠ ᠶᠢᠨ ᠵᠠᠮ᠂ ᠪᠦᠯᠬᠦᠮᠳᠡᠯ ᠵᠠᠮ ᠵᠡᠷᠭᠡ ᠬᠥᠮᠦᠨ ᠣᠯᠠᠨ ᠵᠡᠭᠡᠯᠢ ᠭᠤᠳᠤᠮᠵᠢ ᠳᠤ ᠨᠢᠭᠡ ᠴᠠᠭ ᠬᠠᠭᠠᠰ ᠤᠷᠲᠤᠳᠬᠠᠭᠰᠠᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠥᠷᠨᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠤ ᠬᠤᠲᠠ ᠶᠢᠨ ᠠᠷᠠᠳ ᠪᠣᠯᠤᠨ ᠵᠤᠭᠠᠴᠠᠭᠰᠠᠳ ᠲᠤ ᠰᠠᠶᠢᠨ ᠰᠠᠶᠢᠬᠠᠨ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢ ᠪᠠᠲᠤᠯᠠᠪᠠ᠃    ᠵᠡᠭᠡᠯᠢ ᠭᠤᠳᠤᠮᠵᠢ ᠶᠢ ᠴᠡᠪᠡᠷᠯᠡᠵᠦ ᠪᠠᠶᠢᠭ᠎ᠠ ᠵᠧᠦ ᠡᠦ᠄ ︽︿5 · 1︾ ᠤ ᠠᠵᠢᠯ ᠤᠨ ᠪᠠᠶᠢᠷᠢ ᠳᠤ ᠪᠢ ᠮᠠᠰᠢ ᠢᠷᠠᠭᠤ ᠠᠯᠳᠠᠷᠲᠠᠢ ᠰᠠᠨᠠᠭᠳᠠᠵᠤ ᠪᠠᠶᠢᠨ᠎ᠠ᠃ ᠬᠤᠲᠠ ᠶᠢᠨ ᠠᠷᠠᠳ ᠪᠠ ᠵᠤᠭᠠᠴᠠᠭᠰᠠᠳ ᠢ ᠴᠡᠪᠡᠷ ᠴᠡᠮᠴᠡᠭᠡᠷ᠂ ᠴᠡᠪᠡᠷ ᠲᠡᠭᠰᠢ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠳᠤ ᠪᠠᠶᠠᠷ ᠪᠠᠶᠠᠰᠤᠯ ᠲᠠᠢ᠂ ᠥᠯᠵᠡᠶ ᠪᠡᠯᠭᠡ ᠲᠠᠢ ᠠᠮᠠᠷᠠᠯᠳᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢᠨ ᠳᠣᠯᠠᠳᠠ᠂ ᠮᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠬᠦ ᠠᠵᠢᠯᠴᠢᠳ ᠴᠥᠮ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠥᠮᠦᠨ ᠬᠠᠷ᠎ᠠ ᠲᠥᠪᠯᠡᠷᠡᠭᠰᠡᠨ ᠵᠠᠮ ᠤᠨ ᠬᠡᠰᠡᠭ ᠪᠠ ᠣᠯᠠᠨ ᠨᠡᠶᠢᠲᠡ ᠶᠢᠨ ᠣᠷᠣᠨ ᠪᠦᠰᠡ ᠶᠢᠨ ᠭᠠᠵᠠᠷ ᠲᠤ ᠴᠠᠭᠠᠨ ᠬᠤᠭ ᠨᠣᠪᠰᠢ᠂ ᠲᠠᠮᠠᠬᠢᠨ ᠶᠤᠵᠤᠭᠤᠷ᠂ ᠡᠯᠳᠡᠪ ᠶᠠᠭᠤᠮ᠎ᠠ ᠵᠡᠷᠭᠡ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠪᠢᠳᠡ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠶᠢᠨ ᠬᠤᠷᠢᠶᠠᠨ ᠲᠡᠭᠡᠭᠡᠪᠦᠷᠢᠯᠡᠬᠦ ᠤᠳᠠᠭ᠎ᠠ ᠶᠢ ᠨᠡᠮᠡᠭᠳᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠡᠳᠦᠷ ᠪᠦᠷᠢ ᠴᠡᠪᠡᠷᠯᠡᠬᠦ ᠶᠢ ᠦᠨᠡᠨ ᠬᠦ ᠪᠠᠲᠤᠯᠠᠪᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号