【 ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ 】 ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠮᠣᠩᠭᠤᠯ ᠣᠷᠣᠰ ᠯᠤᠭ᠎ᠠ ᠶᠢᠨ ᠠᠷᠠᠯᠵᠢᠶ᠎ᠠ ᠦᠳᠲᠡᠷ ᠲᠦᠷᠭᠡᠨ ᠰᠠᠶᠢᠵᠢᠷᠠᠪᠠ
ᠨᠡᠶᠢᠲᠡᠯᠡᠭᠰᠡᠨ ᠴᠠᠭ᠄
2023/5/4
    ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ 73.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 93.5% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠡᠷᠢᠶᠡᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ 79.4% ᠶᠢ ᠡᠵᠡᠯᠡᠪᠡ᠃ ᠣᠷᠣᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ 18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5 ᠳᠠᠬᠢᠨ ᠨᠡᠮᠡᠭᠳᠡᠵᠦ᠂ ᠠᠳᠠᠯᠢ ᠬᠤᠭᠤᠴᠠᠭᠠᠨ ᠤ ᠡᠷᠢᠶᠡᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ 19.4% ᠶᠢ ᠡᠵᠡᠯᠡᠪᠡ᠃    ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠵᠠᠭᠤᠨ ᠬᠥᠮᠥᠨ ᠮᠢᠩᠭᠠᠨ ᠠᠵᠤ ᠠᠬᠤᠶᠢᠯᠠᠯ ᠲᠠᠢ ᠬᠤᠯᠪᠣᠭᠠᠯᠠᠵᠤ ᠭᠠᠳᠠᠭᠠᠳᠤ ᠠᠷᠠᠯᠵᠢᠶ᠎ᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠶᠢᠨ ᠬᠢᠨ ᠮᠣᠩᠭᠤᠯ ᠣᠷᠣᠰ ᠯᠤᠭ᠎ᠠ ᠶᠢᠨ ᠠᠷᠠᠯᠵᠢᠶᠠᠨ ᠤ ᠭᠦᠢᠴᠡᠳᠬᠡᠯ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠪᠡ᠃    ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠮᠣᠩᠭᠤᠯ ᠣᠷᠣᠰ ᠤᠨ ᠠᠷᠠᠯᠵᠢᠶ᠎ᠠ ᠶᠢ ᠤᠯᠠᠮ ᠨᠢᠭᠡ ᠠᠯᠬᠤᠮ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号