【 ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ 】 ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠨᠡᠭᠦᠷᠡᠰᠦᠨ ᠤ ᠣᠷᠣᠭᠤᠯᠣᠭᠰᠠᠨ ᠬᠡᠮᠵᠢᠶ᠎ᠡ ᠨᠢ ᠵᠠᠭᠤᠨ ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2023/5/4
      ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 119.5 ᠲᠦᠮᠡᠨ ᠲᠣᠨ ᠳᠤ ᠬᠦᠷᠴᠦ᠂ ᠪᠠᠷᠠᠭᠠᠨ ᠤ ᠥᠷᠲᠡᠭ ᠨᠢ 9.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 82.6% ᠪᠠᠷ ᠨᠡᠮᠡᠭᠳᠡᠪᠡ᠃    ᠤᠯᠤᠰ ᠤᠨ ᠳᠣᠲᠣᠭᠠᠳᠤ ᠶᠢᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠳᠦᠷᠢᠮ ᠤᠨ ᠵᠥᠪᠯᠡᠯ ᠠᠴᠠ 4 ᠳ᠋ᠣᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠦᠷᠭᠦᠯᠵᠢᠯᠡᠨ ᠨᠡᠭᠦᠷᠡᠰᠦ ᠶᠢᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠵᠦ ᠪᠠᠶᠢᠭ᠎ᠠ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢᠨ ᠨᠣᠷᠮ᠎ᠠ ᠶᠢ ᠦᠷᠭᠦᠯᠵᠢᠯᠡᠨ ᠲᠣᠭᠲᠠᠭᠠᠨ᠎ᠠ᠃ ᠲᠦᠷ ᠲᠣᠭᠲᠠᠭᠠᠭᠰᠠᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠬᠦ ᠠᠴᠠ ᠡᠮᠦᠨ᠎ᠡ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠠᠴᠠ 3% ᠠᠴᠠ 6% ᠪᠠᠷ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠲᠠᠲᠠᠪᠤᠷᠢᠯᠠᠬᠤ ᠬᠡᠷᠡᠭᠲᠡᠶ᠃ ᠲᠣᠰ ᠲᠦᠷ ᠲᠣᠭᠲᠠᠭᠠᠭᠰᠠᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠪᠡᠯ᠂ ᠵᠢᠱᠢᠯᠲᠡ ᠪᠠᠷ ᠵᠢᠯ ᠤᠨ ᠳᠣᠲᠣᠷ᠎ᠠ ᠪᠣᠭᠤᠮᠲᠠ ᠶᠢᠨ ᠨᠡᠭᠦᠷᠡᠰᠦ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠠᠷᠪᠢᠯᠠᠬᠤ ᠭᠠᠶᠢᠯᠢ ᠶᠢᠨ ᠵᠣᠭᠤᠰ ᠢ ᠪᠠᠷᠤᠭ 2.1 ᠳ᠋ᠦᠩᠰᠢᠭᠤᠷ ᠲᠥᠭᠦᠷᠢᠭ ᠠᠷᠪᠢᠯᠠᠬᠤ ᠪᠣᠯᠤᠨ᠎ᠠ᠃    ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠬᠤᠤ ᠶᠢᠨ ᠵᠣᠣ ᠬᠡᠯᠡᠬᠦ ᠳᠡᠭᠡᠨ᠂ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠥᠷᠭᠡᠨ ᠣᠯᠠᠨ ᠨᠡᠭᠦᠷᠡᠰᠦ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠶᠢ ᠤᠯᠠᠮ ᠨᠢᠭᠡ ᠠᠯᠬᠤᠮ ᠬᠥᠭᠵᠢᠭᠦᠯᠬᠦ ᠳᠤ ᠬᠦᠴᠦᠨ ᠨᠡᠮᠡᠷᠢᠯᠡᠨ᠎ᠡ︾  ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号