ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠤᠷᠤᠭᠤᠯᠵᠦ᠂ ᠭᠠᠳᠠᠭᠠᠳᠦ ᠳᠤ ᠭᠠᠷᠭᠠᠠᠠᠰᠡᠨ  ᠠᠷᠠᠯᠵᠢᠶᠠᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 120.5%  ᠨᠡᠮᠡᠭᠳᠡᠭᠰᠡᠨ
ᠨᠡᠶᠢᠲᠡᠯᠡᠭᠰᠡᠨ ᠴᠠᠭ᠄
2023/5/5
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠤᠷᠤᠭᠤᠯᠵᠦ᠂ ᠭᠠᠳᠠᠭᠠᠳᠦ ᠳᠤ ᠭᠠᠷᠭᠠᠠᠠᠰᠡᠨ  ᠠᠷᠠᠯᠵᠢᠶᠠᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 120.5%  ᠨᠡᠮᠡᠭᠳᠡᠭᠰᠡᠨ      ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠠᠠᠰᠡᠨ ᠠᠷᠠᠯᠵᠢᠶᠠᠨ ᠤ ᠦᠷᠳᠡᠭ 92.65 ᠳ᠋ᠦᠩᠰᠢᠭᠤᠷ ᠲᠥᠭᠦᠷᠢᠭ ᠲᠤ ᠬᠦᠷᠴᠦ  ᠂ ᠠᠳᠠᠯᠢ ᠬᠤᠭᠤᠴᠠᠭᠠᠨ ᠤ ᠬᠢ ᠠᠴᠠ 120.5%  ᠪᠠᠷ ᠨᠡᠮᠡᠭᠳᠡᠵᠠᠢ  ᠃  ᠡᠭᠦᠨ ᠳᠤ ᠭᠠᠳᠠᠭᠠᠳᠤ   ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 58.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 132.2%  ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 33.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 102.6%  ᠪᠠᠷ  ᠨᠡᠮᠡᠭᠳᠡᠵᠡᠢ᠃        ᠬᠢᠵᠢᠭ ᠤᠨ ᠪᠠᠶᠢᠳᠠᠯ ᠤᠨ ᠨᠥᠯᠥᠭᠡ  ᠠᠷᠢᠯᠬᠤ ᠶᠢ  ᠳᠠᠭᠠᠯᠳᠤᠨ᠂  ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ  ᠬᠢᠯᠢ ᠪᠠᠷ ᠥᠩᠭᠡᠷᠡᠬᠦ  ᠴᠢᠳᠡᠪᠬᠢ ᠡᠮᠬᠢ ᠵᠢᠷᠤᠮ ᠲᠠᠢ  ᠰᠡᠷᠭᠦᠵᠦ᠂ ᠵᠡᠰ ᠤᠨ ᠠᠭᠤᠷᠬᠠᠢ ᠶᠢᠨ   ᠨᠤᠨᠳᠠᠭ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠠᠭᠤᠷᠬᠠᠢ ᠵᠡᠷᠭᠡ ᠶᠡᠭᠡ ᠬᠡᠮᠵᠢᠶᠡᠨ ᠤ ᠲᠠᠸᠠᠷ  ᠨᠡᠮᠡᠭᠳᠡᠬᠦ ᠬᠠᠨᠳᠤᠰᠢ ᠲᠠᠢ ᠪᠣᠯᠵᠤ᠂ ᠪᠣᠭᠤᠮᠲᠠ ᠶᠢᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠥᠷᠲᠡᠭ ᠢ  ᠨᠡᠮᠡᠭᠳᠡᠭᠦᠯᠵᠠᠢ  ᠃  ᠡᠭᠦᠨ ᠤ  ᠬᠠᠮᠳᠦ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ  ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠥᠷᠨᠢᠭᠦᠯᠵᠦ  ᠂  ︽ᠵᠠᠭᠤᠨ ᠬᠥᠮᠥᠨ ᠬᠤᠯᠪᠤᠭᠠᠯᠠᠨ ᠮᠢᠩᠭᠠᠨ ᠠᠵᠤ ᠠᠬᠤᠶᠢᠯᠠᠯ  ᠢ ᠲᠡᠮᠵᠢᠵᠦ᠂  ᠭᠠᠳᠠᠭᠠᠳᠤ ᠠᠷᠠᠯᠵᠢᠶ᠎ᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ  ᠪᠤᠳᠠᠳᠠᠶᠢᠵᠢᠭᠤᠯᠵᠦ  ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ  ᠬᠢᠷᠢ  ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ   ᠢ ᠰᠢᠯᠢᠳᠡᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ  ᠪᠠᠷᠠᠭᠠᠨ ᠤ   ᠪᠣᠭᠤᠮᠲᠠ ᠪᠠᠷ ᠥᠩᠭᠡᠷᠡᠬᠦ ᠶᠢ   ᠪᠠᠳᠤᠯᠠᠵᠠᠢ᠃         2023 ᠣᠨ ᠠᠴᠠ  ᠨᠠᠭᠠᠰᠢ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠬᠡᠮᠵᠢᠶ᠎ᠡ ᠵᠡᠷᠭᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠦᠢᠴᠡᠳᠬᠡᠯ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号