【 ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ 】 ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢᠭᠡᠨᠲᠡ ᠮᠢᠩᠭ᠎ᠠ ᠠᠴᠠ ᠳᠠᠪᠠᠪᠠ
ᠨᠡᠶᠢᠲᠡᠯᠡᠭᠰᠡᠨ ᠴᠠᠭ᠄
2023/5/8
  5 ᠰᠠᠷ᠎ᠠ ᠶᠢᠨ 3 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠡᠨᠡ ᠵᠢᠯ ᠨᠢᠭᠡᠨᠲᠡ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠶᠢᠲᠡ 1042 ᠤᠳᠠᠭ᠎ᠠ ᠵᠠᠯᠭᠠᠨ ᠲᠡᠭᠡᠭᠡᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 7.0% ᠪᠠᠷ ᠨᠡᠮᠡᠭᠳᠡᠵᠦ᠂ ᠨᠢᠳᠤᠨᠤᠨ ᠠᠴᠠ ᠪᠠᠨ 10 ᠡᠳᠦᠷ ᠣᠷᠢᠳᠴᠢᠯᠠᠨ 1000 ᠴᠤᠪᠤᠭ᠎ᠠ ᠳᠠᠪᠠᠪᠠ᠃    2013 ᠣᠨ ᠳᠤ ᠡᠷᠢᠶᠡᠨ ᠬᠤᠳᠠ ᠶᠢᠨ ᠪᠣᠭᠤᠮᠲᠠ ᠪᠠᠷ ᠠᠩᠬᠠᠳᠠᠭᠴᠢ ᠡᠭᠡᠯᠵᠢ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠠᠴᠠ ᠨᠠᠰᠢ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ  ᠣᠷᠣᠵᠤ ᠭᠠᠷᠬᠤ ᠵᠢᠰᠢᠶᠠᠨ ᠤ ᠭᠠᠯᠲᠤ ᠲᠡᠷᠭᠡᠨ ᠤ ᠱᠤᠭᠤᠮ ᠨᠢᠭᠡᠨᠲᠡ 68 ᠵᠤᠷᠪᠤᠰ ᠪᠣᠯᠣᠨ ᠨᠡᠮᠡᠭᠳᠡᠵᠦ᠂ ᠨᠡᠶᠢᠲᠡ 12000 ᠭᠠᠷᠤᠢ ᠴᠤᠪᠤᠭ᠎ᠠ ᠲᠡᠷᠭᠡ ᠠᠶᠠᠯᠠᠭᠰᠠᠨ ᠪᠠᠶᠢᠨ᠎ᠠ᠃ ᠠᠷᠪᠠᠨ ᠵᠢᠯ ᠤᠨ ᠡᠮᠦᠨ᠎ᠡ᠂ ᠠᠳᠡ ᠠᠴᠠ ᠬᠢᠯᠢ ᠠᠴᠠ ᠭᠠᠷᠤᠭᠰᠠᠨ ᠠᠩᠬᠠᠳᠠᠭᠴᠢ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠾᠧᠨᠠᠨ ᠤ  ᠵᠧᠩᠵᠸᠦ ᠠᠴᠠ ᠭᠧᠷᠮᠠᠨ ᠤ ᠬᠠᠮᠪᠦ᠋ᠷᠢᠭ ᠲᠤ ᠬᠦᠷᠪᠡ᠃ ᠣᠳᠣᠬᠠᠨ ᠳᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠭᠧᠷᠮᠠᠨ᠂ ᠫᠤᠯᠠᠨᠳ᠋ ᠂ ᠣᠷᠣᠰ᠂ ᠪᠧᠯᠤᠷᠦ᠋ᠰᠢᠶ᠎ᠠ᠂ ᠮᠣᠩᠭᠤᠯ ᠤᠯᠤᠰ ᠵᠡᠷᠭᠡ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠢ ᠬᠤᠯᠪᠣᠵᠤ᠂ ᠤᠯᠤᠰ ᠤᠨ ᠳᠣᠲᠣᠭᠠᠳᠤ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠶᠡᠬᠡᠩᠬᠢ ᠬᠡᠰᠡᠭ ᠬᠤᠲᠠ ᠶᠢ ᠬᠠᠮᠤᠷᠴᠤ᠂ ᠲᠢᠶᠠᠨᠵᠢᠨ᠂ ᠠᠨᠾᠦ᠋ᠢ᠂ ᠬᠤᠨᠠᠨ ᠵᠡᠷᠭᠡ 10 ᠭᠠᠷᠤᠢ ᠮᠤᠵᠢ ᠬᠤᠲᠠ ᠶᠢᠨ ᠪᠠᠷᠠᠭᠠᠨ ᠤ ᠢᠷᠡᠯᠲᠡ ᠶᠢ ᠴᠤᠭᠯᠠᠷᠠᠭᠤᠯᠤᠭᠰᠠᠨ ᠪᠠᠶᠢᠨ᠎ᠠ᠃    ᠠᠷᠪᠠᠨ ᠵᠢᠯ ᠤᠨ ᠲᠤᠷᠰᠢ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ᠴᠢᠭ ᠵᠠᠯᠭᠠᠯᠳᠤᠭᠰᠠᠨ︾᠂ ︽ᠱᠤᠭᠤᠮ ᠰᠦᠯᠵᠢᠯᠳᠦᠵᠦ︾᠂ ︽ᠨᠠᠶᠢᠵᠠ ᠶᠢᠨ ᠲᠣᠭᠤᠷᠢᠭ︾ ᠤᠯᠠᠮ ᠠᠴᠠ ᠤᠯᠠᠮ ᠥᠷᠭᠡᠨ ᠪᠣᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号