ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠲᠡᠷᠢᠭᠦᠨ ᠤ ᠦᠢᠯᠡᠳᠬᠦ ᠦᠢᠯᠡᠰ ᠤᠨ | ᠪᠦᠯᠦᠭᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ ᠢ ᠬᠢᠨᠠᠨ ᠵᠥᠪᠯᠡᠵᠦ ᠪᠠᠲᠤᠯᠠᠪᠠ︔ ᠴᠠᠬᠢᠯᠭᠠᠨ ᠴᠡᠨᠡᠭᠯᠡᠬᠦ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ | ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠡᠩ ᠰᠠᠶᠢᠲᠤᠷ ᠳᠡᠮᠵᠢᠬᠦ ᠲᠤᠬᠠᠢ | ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠬᠥᠭᠵᠢᠭᠦᠯᠬᠦ | ᠪᠣᠯ ᠠᠵᠤ ᠦᠢᠯᠡᠰ ᠤᠨ ᠳᠤᠮᠳᠠ ᠳᠡᠭᠡᠳᠦ ᠲᠦᠪᠰᠢᠨ ᠲᠡᠶᠢᠰᠢ ᠳᠡᠪᠰᠢᠬᠦ ᠶᠢ ᠠᠬᠢᠭᠤᠯᠬᠤ᠂ ᠠᠵᠤ ᠦᠢᠯᠡᠰ ᠤᠨ | ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠣᠨ᠎ᠠ᠃ ᠡᠨᠡ ᠨᠢ ᠬᠠᠮᠵᠢᠯᠴᠠᠨ ᠰᠢᠨ᠎ᠡ ᠶᠢ ᠡᠭᠦᠳᠬᠦ᠂ ᠴᠢᠳᠠᠪᠤᠷᠢᠲᠠᠨ ᠢ | ᠴᠤᠭᠯᠠᠷᠠᠭᠤᠯᠬᠤ᠂ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠬᠡᠪᠴᠢᠶᠡᠵᠢᠭᠰᠡᠨ | ᠨᠥᠯᠥᠭᠡ ᠦᠢᠯᠡᠳᠦᠯ ᠪᠣᠯᠣᠨ ᠥᠷᠢᠰᠦᠯᠳᠦᠭᠡᠨ ᠤ ᠳᠠᠪᠠᠭᠤᠯᠢᠭ ᠢ ᠪᠦᠷᠢᠯᠳᠦᠭᠦᠯᠬᠦ ᠳᠤ ᠠᠰᠢᠭᠲᠠᠢ ᠶᠤᠮ᠃ ᠲᠡᠷᠢᠭᠦᠨ ᠤ | ᠦᠢᠯᠡᠳᠬᠦ ᠦᠢᠯᠡᠰ ᠤᠨ ᠪᠦᠯᠦᠭᠵᠢᠯ ᠢ ᠬᠥᠭᠵᠢᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠪᠦᠬᠦ | ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠡᠯ᠎ᠡ ᠭᠠᠵᠠᠷ ᠤᠨ ᠬᠢᠨ ᠢ ᠬᠥᠲᠥᠯᠥᠨ | ᠵᠢᠯᠤᠭᠤᠳᠴᠤ ᠪᠠᠶᠢᠭᠠᠳ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠲᠤᠰᠬᠠᠶᠢᠵᠢᠭᠤᠯᠬᠤ᠂ ᠵᠦᠷᠢᠶᠡᠵᠢᠬᠦᠯᠬᠦ᠂ | ᠣᠨᠴᠠᠯᠢᠬᠵᠢᠭᠤᠯᠬᠤ ᠲᠠᠯ᠎ᠠ ᠪᠠᠷ ᠬᠦᠴᠦ ᠲᠠᠯᠪᠢᠵᠤ᠂ ᠬᠢᠬᠦ ᠴᠢᠬᠤᠯᠠᠲᠠᠢ ᠶᠢ ᠨᠢ ᠬᠢᠵᠦ ᠴᠢᠬᠤᠯᠠ ᠦᠭᠡᠢ ᠶᠢ ᠨᠢ ᠦᠯᠦ | ᠬᠢᠬᠦ ᠶᠢ ᠭᠦᠢᠴᠡᠳᠬᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠪᠠ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠮᠡᠷᠭᠡᠵᠢᠯ ᠤᠨ ᠰᠢᠨᠡᠴᠢᠯᠡᠯᠲᠡ ᠬᠢᠬᠦ ᠪᠠ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠳᠡᠭᠡᠳᠦ ᠲᠡᠰ ᠤᠨ᠂ ᠣᠶᠤᠨᠴᠢᠯᠠᠭᠰᠠᠨ᠂ | ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠠᠵᠤ ᠠᠬᠤᠶᠢᠯᠠᠯ ᠤᠨ | ᠬᠠᠮᠲᠤᠯᠢᠭ ᠢ ᠪᠤᠵᠠᠭᠠᠶᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ | ᠬᠡᠷᠡᠭᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠠᠵᠢᠯ ᠦᠢᠯᠡᠰᠴᠢ ᠵᠠᠰᠠᠭ ᠤᠨ ᠣᠷᠳᠣᠨ ᠢ ᠨᠡᠩ ᠰᠠᠶᠢᠲᠤᠷ | ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠠᠮᠢ ᠠᠬᠤᠢ ᠶᠢ ᠬᠦᠴᠦᠯᠡᠨ | ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ᠂ ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ | ᠣᠷᠣᠨ ᠵᠠᠢ ᠥᠷᠭᠡᠨ ᠠᠭᠤᠳᠠᠮ ᠪᠠᠶᠢᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠨᠢ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠴᠤ ᠬᠡᠷᠡᠭᠯᠡᠬᠦ ᠶᠢ | ᠠᠬᠢᠭᠤᠯᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠳᠤ ᠠᠰᠢᠭᠲᠠᠢ ᠪᠠᠷ ᠪᠠᠷᠠᠬᠤ ᠦᠭᠡᠢ | ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠨᠡᠩ ᠰᠠᠶᠢᠲᠤᠷ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ | ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠶᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠪᠣᠭᠤᠮᠢ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠵᠣᠬᠢᠬᠤ | ᠬᠡᠮᠵᠢᠶ᠎ᠡ ᠪᠠᠷ ᠤᠷᠢᠳᠴᠢᠯᠠᠨ ᠪᠦᠲᠦᠭᠡᠨ ᠪᠠᠶᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠪᠦᠲᠦᠭᠡᠨ | ᠪᠠᠶᠢᠭᠤᠯᠬᠤ᠂ ᠠᠵᠢᠯᠯᠠᠭᠤᠯᠤᠨ ᠡᠵᠡᠩᠨᠡᠬᠦ᠂ ᠠᠷᠠᠴᠢᠯᠠᠨ ᠬᠠᠮᠠᠭᠠᠯᠠᠬᠤ ᠵᠠᠭᠪᠤᠷ ᠲᠤ ᠰᠢᠨ᠎ᠡ ᠶᠢ ᠡᠭᠦᠳᠴᠦ᠂ ︽ᠪᠠᠶᠢᠭᠤᠯᠬᠤ | ᠬᠥᠮᠥᠨ ᠲᠠᠢ᠂ ᠬᠠᠮᠢᠶᠠᠷᠬᠤ ᠬᠥᠮᠥᠨ ᠲᠠᠢ᠂ ᠦᠷᠭᠦᠯᠵᠢᠯᠡᠭᠦᠯᠵᠤ ᠴᠢᠳᠠᠬᠤ︾ ᠶᠢ ᠪᠠᠲᠤᠯᠠᠬᠤ ᠬᠡᠷᠡᠭᠲᠡᠢ᠃ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠣᠷᠤᠯᠠᠭᠤᠯᠭ᠎ᠠ ᠶᠢᠨ ᠦᠢᠯᠡᠴᠢᠯᠡᠭᠡᠨ ᠤ ᠰᠦᠯᠵᠢᠶ᠎ᠡ ᠶᠢ ᠳᠣᠷᠣᠭᠰᠢ | ᠪᠠᠭᠤᠯᠭᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠥᠳᠡᠭᠡ ᠲᠣᠰᠬᠤᠨ ᠳᠤ ᠬᠠᠨᠳᠤᠭᠤᠯᠤᠨ | ᠵᠠᠰᠠᠪᠤᠷᠢ ᠠᠷᠠᠴᠢᠯᠠᠭᠠᠨ ᠤ ᠮᠡᠷᠭᠡᠵᠢᠯᠲᠡᠨ ᠬᠥᠮᠥᠵᠢᠭᠦᠯᠬᠦ ᠶᠢ ᠵᠣᠷᠢᠭᠵᠢᠭᠤᠯᠵᠤ᠂ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ | ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠬᠡᠷᠡᠭᠴᠡᠭᠡ ᠶᠢ ᠬᠠᠩᠭᠠᠬᠤ ᠬᠡᠷᠡᠭᠲᠡᠢ᠃ | ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠩᠭᠠᠯᠭ᠎ᠠ ᠪᠠᠨ | ᠪᠠᠶᠠᠯᠢᠭᠵᠢᠭᠤᠯᠬᠤ ᠶᠢ ᠵᠣᠷᠢᠭᠵᠢᠭᠤᠯᠬᠤ ᠶᠢᠨ ᠬᠠᠮᠲᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |