| | ᠡᠨᠡ ᠵᠢᠯ ᠤᠨ ᠲᠦᠷᠦᠭᠦᠦ 4 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ | ᠲᠡᠮᠦᠷ ᠤᠨ ᠬᠦᠳᠡᠷ 169 ᠲᠦᠮᠡᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 95% ᠪᠠᠷ ᠨᠡᠮᠡᠭᠳᠡᠪᠡ︔ | ᠪᠠᠷᠠᠭᠠᠨ ᠤ ᠥᠷᠲᠡᠭ 6.7 ᠳ᠋ᠦᠩᠰᠢᠭᠤᠷ ᠲᠥᠭᠦᠷᠢᠭ ᠲᠤ ᠬᠦᠷᠴᠦ᠂ 84.7% ᠪᠠᠷ ᠨᠡᠮᠡᠭᠳᠡᠵᠡᠢ᠃ | ᠡᠨᠡ ᠵᠢᠯ ᠠᠴᠠ ᠨᠠᠰᠢ᠂ ᠬᠢᠵᠢᠭ ᠤᠨ ᠨᠥᠯᠥᠭᠡ ᠠᠯᠬᠤᠮ ᠠᠯᠬᠤᠮ ᠢᠶᠠᠷ ᠠᠷᠢᠯᠬᠤ ᠶᠢ ᠳᠠᠭᠠᠯᠳᠤᠨ᠂ ᠡᠷᠢᠶᠡᠨ | ᠪᠣᠭᠤᠮᠲᠠ ᠶᠢᠨ ᠪᠠᠷᠠᠭ᠎ᠠ ᠥᠩᠭᠡᠷᠡᠬᠦ ᠴᠢᠳᠠᠪᠤᠷᠢ ᠲᠣᠭᠲᠠᠭᠤᠨ ᠢᠶᠠᠷ ᠰᠡᠷᠭᠦᠵᠦ᠂ ᠲᠡᠮᠦᠷ ᠤᠨ ᠬᠦᠳᠡᠷ ᠵᠡᠷᠭᠡ ᠡᠬᠢ | ᠪᠠᠶᠠᠯᠢᠭ ᠤᠨ ᠴᠢᠨᠠᠷᠲᠠᠶ ᠲᠠᠸᠠᠷ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠬᠦᠰᠡᠯ | ᠡᠷᠡᠮᠡᠯᠵᠡᠯ ᠨᠡᠮᠡᠭᠳᠡᠪᠡ᠃ | ᠪᠣᠭᠤᠮᠲᠠ ᠶᠢᠨ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠲᠣᠰ ᠪᠡᠶ᠎ᠡ ᠶᠢᠨ | ᠠᠵᠢᠯ ᠤᠨ ᠪᠣᠳᠠᠲᠤ ᠪᠠᠶᠢᠳᠠᠯ ᠠᠴᠠ ᠡᠭᠦᠰᠴᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ | ᠳᠥᠲᠡ᠂ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠲᠡᠮᠦᠷ ᠤᠨ ᠬᠦᠳᠡᠷ ᠢᠶᠠᠷ ᠲᠥᠯᠥᠭᠡᠯᠡᠭᠦᠯᠦᠭᠰᠡᠨ ᠡᠬᠢ | ᠪᠠᠶᠠᠯᠢᠭ ᠤᠨ ᠲᠦᠷᠦᠯ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ | ᠠᠷᠠᠯᠵᠢᠶᠠᠨ ᠤ ᠬᠡᠮᠵᠢᠶ᠎ᠡ ᠵᠡᠷᠭᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠦᠢᠴᠡᠳᠬᠡᠯ ᠲᠤᠭ᠎ᠠ | ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠪᠡ᠃ | ᠡᠷᠢᠶᠡᠨ ᠭᠠᠶᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠡᠳ᠋ | ᠳᠠᠷᠤᠭ᠎ᠠ ᠰᠠᠶᠢᠬᠠᠨ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ | ᠳᠠᠮᠵᠢᠭᠤᠯᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ | ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ | ᠲᠥᠭᠡᠷᠢᠭᠳᠡᠯ ᠢ ᠬᠠᠷᠢᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠶᠤᠴᠢᠯᠠᠨ | ᠮᠡᠳᠡᠭᠦᠯᠬᠦ ᠶᠢ ᠵᠢᠷᠤᠮᠵᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠵᠤ᠂ ᠥᠷᠭᠡᠨ ᠣᠯᠠᠨ ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ | ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ | ᠪᠣᠭᠤᠮᠲᠠ ᠶᠢᠨ ᠠᠵᠤ ᠠᠬᠤᠶᠢᠯᠠᠯ ᠤᠨ ᠤᠯᠠᠮ ᠨᠢᠭᠡ ᠠᠯᠬᠤᠮ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ | ᠬᠡᠯᠡᠪᠡ᠃ |