ᠰᠠᠶᠢᠬᠤᠰᠤ ᠭᠠᠴᠠᠭ᠎ᠠ᠄ ᠬᠠᠷᠢᠯᠴᠠᠨ ᠬᠠᠪᠰᠤᠷᠤᠯᠴᠠᠵᠤ  ᠬᠠᠷᠢᠯᠴᠠᠨ ᠳᠡᠮᠵᠢᠯᠴᠡᠵᠦ᠂ ᠪᠣᠯᠪᠠᠰᠤᠨ ᠰᠢᠨ᠎ᠡ ᠬᠡᠪ ᠰᠤᠷᠲᠠᠯ ᠢ ᠠᠷᠠᠳ ᠤᠨ ᠰᠡᠳᠬᠢᠯ ᠢ ᠤᠮᠳᠠᠯᠠᠨ᠎ᠠ
ᠨᠡᠶᠢᠲᠡᠯᠡᠭᠰᠡᠨ ᠴᠠᠭ᠄
2023/6/1
    ᠬᠥᠷᠰᠢ ᠵᠡᠷᠭᠡᠯᠡᠳᠡᠭᠡ ᠶᠢᠨ ᠬᠢᠨ ᠬᠤᠭᠤᠷᠣᠨᠳᠤ ᠪᠠᠨ ᠬᠠᠷᠢᠯᠴᠠᠨ ᠬᠠᠪᠰᠤᠷᠤᠯᠴᠠᠵᠤ᠂ ᠬᠥᠷᠰᠢ ᠵᠡᠷᠭᠡᠯᠡᠳᠡᠭᠡ ᠶᠢᠨ ᠬᠢᠨ ᠨᠢᠭᠡ ᠭᠡᠷ ᠮᠡᠲᠦ ᠳᠣᠲᠣᠨᠣ ᠪᠠᠶᠢᠵᠤ᠂ ᠪᠣᠯᠪᠠᠰᠤᠨ ᠡᠶ᠎ᠡ ᠵᠣᠬᠢᠴᠠᠩᠭᠤᠢ ᠰᠤᠷᠲᠠᠯ ᠢ ᠪᠣᠢ ᠪᠣᠯᠭᠠᠶ᠎ᠠ᠃ ᠣᠶᠢᠷ᠎ᠠ ᠳᠤ᠂ ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠰᠠᠶᠢᠬᠤᠰᠤ ᠭᠠᠴᠠᠭ᠎ᠠ ᠳᠤ ︽ᠨᠢᠭᠡ ᠭᠠᠵᠠᠷ ᠲᠤ ᠬᠦᠴᠢᠷ ᠲᠤᠯᠭᠠᠷᠠᠪᠠᠯ ᠨᠠᠢᠮᠠᠨ ᠵᠦᠭ ᠠᠴᠠ ᠲᠤᠰᠠᠯᠠᠬᠤ︾ ᠰᠡᠳᠬᠢᠯ ᠬᠥᠳᠡᠯᠭᠡᠮ᠎ᠡ ᠵᠢᠷᠤᠭ ᠢ ᠳᠠᠬᠢᠨᠲᠠ ᠳᠣᠳᠣᠷᠠᠪᠠ᠃    ᠰᠠᠶᠢᠬᠤᠰᠤ ᠭᠠᠴᠠᠭᠠᠨ ᠤ ᠢᠳᠡᠰᠢᠨ ᠨᠣᠭᠤᠭ᠎ᠠ ᠶᠢᠨ ᠲᠠᠷᠢᠶᠠᠴᠢᠨ ᠵᠠᠩ ᠶᠢᠦ ᠬᠤᠸᠠᠨ᠂ ᠴᠧᠨ ᠰᠢᠶᠤᠤ ᠫᠢᠩ ᠡᠷ᠎ᠡ ᠡᠮ᠎ᠡ ᠬᠤᠶᠠᠭᠤᠯᠠ ᠵᠠᠮ ᠬᠠᠷᠢᠯᠴᠠᠭᠠᠨ ᠤ ᠠᠳᠡᠯ ᠳᠤ ᠤᠴᠠᠷᠠᠭᠠᠳ ᠡᠮᠨᠡᠯᠭᠡ ᠳᠤ ᠣᠷᠣᠵᠤ ᠡᠮᠨᠡᠭᠦᠯᠬᠦ ᠴᠢᠬᠤᠯᠠᠲᠠᠶ  ᠪᠠᠶᠢᠯ᠎ᠠ᠃ ᠢᠳᠡᠰᠢᠨ ᠨᠣᠭᠤᠭ᠎ᠠ ᠶᠢᠨ ᠬᠦᠯᠡᠮᠵᠢ ᠶᠢ ᠬᠠᠷᠠᠭᠠᠯᠵᠠᠬᠤ ᠬᠥᠮᠥᠨ ᠦᠭᠡᠢ ᠪᠣᠯᠬᠤᠷ ᠤᠳᠠᠯ ᠦᠭᠡᠢ ᠵᠠᠬ᠎ᠠ ᠳᠡᠯᠭᠡᠭᠦᠷ ᠲᠤ ᠭᠠᠷᠭᠠᠬᠤ ᠭᠡᠵᠦ ᠪᠠᠶᠢᠭ᠎ᠠ 4000 ᠭᠠᠷᠤᠢ ᠵᠢᠩ ᠲᠦᠭᠦᠬᠡᠶ ᠨᠣᠭᠤᠭ᠎ᠠ ᠪᠠᠨ ᠴᠤ ᠬᠤᠳᠠᠯᠳᠤᠵᠤ ᠳᠡᠶᠢᠯᠬᠦ ᠦᠭᠡᠢ ᠪᠠᠶᠢᠪᠠ᠃ ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ᠂ ᠭᠠᠴᠠᠭᠠᠨ ᠤ ᠨᠠᠮ ᠤᠨ ᠡᠭᠦᠷ᠄ ᠥᠷᠭᠡᠨ ᠣᠯᠠᠨ ᠨᠠᠮ ᠤᠨ ᠭᠡᠰᠢᠭᠦᠨ᠂ ᠣᠯᠠᠨ ᠲᠦᠮᠡᠨ ᠭᠠᠷ ᠭᠠᠷ ᠢᠶᠠᠨ ᠰᠤᠩᠭᠠᠵᠤ᠂ ᠴᠢᠷᠮᠠᠶᠢᠯᠭ᠎ᠠ ᠭᠠᠷᠭᠠᠵᠤ ᠪᠠᠶᠢᠭᠠᠳ ᠵᠠᠩ ᠶᠢᠦ ᠬᠤᠸᠠᠨ ᠡᠷ᠎ᠡ ᠡᠮ᠎ᠡ ᠬᠤᠶᠠᠭᠤᠯᠠ ᠶᠢ ᠬᠠᠪᠰᠤᠷᠤᠨ ᠲᠦᠭᠦᠬᠡᠶ ᠨᠣᠭᠤᠭ᠎ᠠ ᠶᠢ ᠨᠢ ᠬᠤᠳᠠᠯᠳᠣᠵᠤ᠂ ᠬᠦᠴᠢᠷ ᠢ ᠲᠤᠭᠤᠯᠬᠤ ᠶᠢ ᠤᠷᠢᠶᠠᠯᠠᠪᠠ᠃    ᠣᠳᠣᠬᠠᠨ ᠳᠤ ᠶᠠᠭ ᠲᠠᠷᠢᠶᠠᠯᠠᠩ ᠤᠨ ᠶᠠᠭᠠᠷᠠᠤ ᠴᠠᠭ ᠦᠶ᠎ᠡ ᠪᠣᠯᠵᠣ ᠪᠠᠶᠢᠨ᠎ᠠ᠂ ᠭᠠᠴᠠᠭᠠᠨ ᠤ ᠨᠠᠮ ᠤᠨ ᠭᠡᠰᠢᠭᠦᠨ ᠪᠠ ᠨᠣᠭᠤᠭ᠎ᠠ ᠲᠠᠷᠢᠭᠴᠢᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠥᠪᠡᠷ ᠤᠨ ᠭᠡᠷ ᠤᠨ ᠠᠵᠢᠯ ᠢᠶᠠᠨ ᠲᠦᠷ ᠬᠤᠶᠢᠰᠢ ᠲᠠᠯᠪᠢᠵᠤ᠂ ᠵᠠᠩ ᠶᠢᠦ ᠬᠤᠸᠠᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ ᠬᠦᠷᠴᠦ ᠬᠠᠪᠰᠤᠷᠴᠤ ᠬᠠᠳᠤᠵᠤ ᠬᠤᠷᠢᠶᠠᠪᠠ᠃ ᠨᠢᠭᠡᠨ ᠬᠤᠭᠤᠴᠠᠭᠠᠨ ᠳᠤ᠂ ᠬᠦᠯᠡᠮᠵᠢ ᠳᠤ ᠶᠠᠭᠠᠷᠠᠯᠲᠠᠢ ᠪᠠᠶᠢᠳᠠᠯ ᠢᠯᠡᠷᠡᠵᠦ᠂ ᠲᠡᠭᠦᠬᠦ᠂ ᠢᠯᠭᠠᠬᠤ᠂ ᠬᠠᠶᠢᠷᠴᠠᠭ ᠲᠤ ᠰᠠᠪᠠᠯᠠᠭᠰᠠᠨ ᠤ ᠲᠠᠷᠠᠭ᠎ᠠ᠂ ᠤᠯᠠᠨ ᠢᠶᠠᠷ ᠢᠶᠠᠨ ᠬᠠᠮᠤᠭ ᠤᠨ ᠣᠬᠤᠷᠬᠠᠨ ᠬᠤᠭᠤᠴᠠᠭᠠᠨ ᠳᠤ ᠡᠨᠡᠬᠦ 4000 ᠭᠠᠷᠤᠢ ᠵᠢᠩ ᠲᠦᠭᠦᠬᠡᠢ ᠨᠣᠭᠤᠭ᠎ᠠ ᠪᠠᠨ ᠬᠤᠳᠠᠯᠳᠤᠵᠤ᠂ ᠵᠠᠩ ᠶᠢᠦ ᠬᠤᠸᠠᠨ ᠡᠷ᠎ᠡ ᠡᠮ᠎ᠡ ᠬᠤᠶᠠᠭᠤᠯᠠ ᠶᠢ ᠬᠠᠪᠰᠤᠷᠤᠨ ᠪᠠᠴᠢᠮ ᠲᠤᠯᠭᠠᠮ᠎ᠠ ᠠᠰᠠᠭᠤᠳᠠᠯ ᠢ ᠨᠢ ᠰᠢᠢᠳᠪᠦᠷᠢᠯᠡᠵᠦ ᠦᠭᠪᠡ᠃    ᠰᠠᠶᠢᠬᠤᠰᠤ ᠭᠠᠴᠠᠭᠠᠨ ᠤ ᠨᠠᠮ ᠤᠨ ᠡᠭᠦᠷ ᠤᠨ ᠱᠦᠵᠢ ᠪᠠᠶ ᠶᠦᠨ ᠹᠦ᠋᠄ ︽ᠡᠩ ᠤᠨ ᠦᠶ᠎ᠡ ᠳᠤ ᠮᠠᠨ ᠤ ᠲᠣᠰᠬᠤᠨ ᠤ ᠠᠷᠠᠳ ᠤᠨ ᠬᠠᠷᠢᠴᠠᠭ᠎ᠠ ᠨᠡᠯᠢᠶᠡᠳ ᠡᠶ᠎ᠡ ᠨᠠᠶᠢᠷᠲᠠᠶ ᠪᠠᠶᠢᠵᠤ᠂ ᠥᠨᠥᠳᠦᠷ ᠰᠠᠨᠠᠭᠠᠴᠢᠯᠠᠭ᠎ᠠ ᠭᠠᠷᠭᠠᠭᠰᠠᠨ ᠤ ᠳᠠᠷᠠᠭ᠎ᠠ᠂ ᠨᠠᠮ ᠤᠨ ᠭᠡᠰᠢᠭᠦᠨ ᠪᠣᠯᠤᠨ ᠲᠣᠰᠬᠤᠨ ᠤ ᠠᠷᠠᠳ ᠢᠳᠡᠪᠬᠢᠲᠡᠶ ᠬᠥᠳᠡᠯᠦᠯᠴᠡᠵᠦ᠂ ᠲᠡᠳᠡᠨ ᠢ ᠬᠠᠪᠰᠤᠷᠤᠨ ᠨᠣᠭᠤᠭ᠎ᠠ ᠬᠤᠳᠠᠯᠳᠤᠨ ᠠᠪᠴᠤ᠂ ᠬᠤᠬᠢᠷᠠᠯ ᠢ ᠪᠠᠭᠠᠰᠬᠠᠵᠤ᠂ ᠮᠠᠨ ᠤ ᠭᠠᠴᠠᠭᠠᠨ ᠤ ᠪᠣᠯᠪᠠᠰᠤᠨ ᠰᠢᠨ᠎ᠡ ᠰᠤᠷᠲᠠᠯ ᠢ ᠢᠯᠡᠷᠡᠭᠦᠯᠪᠡ᠃ ᠭᠠᠴᠠᠭᠠᠨ ᠤ ᠨᠠᠮ ᠤᠨ ᠡᠭᠦᠷ ᠪᠣᠷᠣᠯᠠᠭᠤᠯᠬᠤ ᠵᠠᠮ ᠲᠠᠢ ᠬᠠᠷᠢᠴᠠᠵᠤ᠂ ᠨᠣᠭᠤᠭ᠎ᠠ ᠪᠠᠨ ᠬᠤᠳᠠᠯᠳᠤᠭᠰᠠᠨ ᠤ ᠳᠠᠷᠠᠭ᠎ᠠ ᠳᠠᠷᠤᠶ ᠲᠦᠷᠭᠡᠨ ᠵᠣᠭᠤᠰ ᠢᠶᠠᠨ ᠲᠡᠳᠡᠨ ᠳᠤ ᠥᠭᠴᠦ᠂ ᠲᠡᠳᠡᠨ ᠢ ᠬᠠᠪᠰᠤᠷᠤᠨ ᠬᠦᠴᠢᠷ ᠢ ᠲᠤᠭᠤᠯᠪᠠ᠃    ᠨᠠᠮ ᠤᠨ ᠭᠡᠰᠢᠭᠦᠨ᠂ ᠨᠣᠭᠤᠭ᠎ᠠ ᠲᠠᠷᠢᠭᠴᠢᠳ ᠵᠠᠩ ᠶᠢᠦ ᠬᠤᠸᠠᠨ ᠡᠷ᠎ᠡ ᠡᠮ᠎ᠡ ᠬᠤᠶᠠᠭᠤᠯᠠ ᠶᠢ ᠬᠠᠪᠰᠤᠷᠤᠨ ᠨᠣᠭᠤᠭ᠎ᠠ ᠶᠢ ᠨᠢ ᠵᠠᠪᠳᠤᠨ ᠬᠤᠷᠢᠶᠠᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠪᠠᠨ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ ᠲᠠᠢ ᠬᠠᠮᠲᠤ ᠣᠷᠣᠰᠢᠵᠤ ᠪᠠᠶᠢᠭ᠎ᠠ ᠵᠢᠷᠤᠭ ᠪᠣᠯ ᠰᠠᠶᠢᠬᠤᠰᠤ ᠭᠠᠴᠠᠭᠠᠨ ᠤ ᠪᠣᠯᠪᠠᠰᠤᠨ ᠰᠢᠶᠠᠩ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠨᠢᠭᠡᠨ ᠬᠤᠷᠢᠶᠠᠩᠭᠤᠶ ᠳᠦᠷᠰᠦ ᠪᠣᠯᠤᠨ᠎ᠠ᠂ ᠲᠣᠰ ᠭᠠᠴᠠᠭᠠᠨ ᠤ ︽ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ᠶᠢᠨ ᠨᠡᠷ᠎ᠡ ᠶᠢᠨ ᠬᠠᠭᠤᠳᠠᠰᠤ ᠶᠠᠪᠤᠬᠤ ᠲᠤᠲᠤᠮ ᠢᠯᠡ ᠪᠣᠯᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号