ᠡᠨᠡ ᠵᠢᠯ ᠤᠨ ᠡᠮᠦᠨ᠎ᠡ 4 ᠰᠠᠷ᠎ᠠ ᠳᠤ ᠡᠷᠢᠶᠡᠨ ᠪᠣᠭᠤᠮᠲᠠ ᠶᠢᠨ ᠲᠡᠮᠦᠷ ᠤᠨ ᠬᠦᠳᠡᠷ ᠤᠨ ᠭᠠᠳᠠᠭᠠᠳᠤ ᠣᠷᠣᠭᠤᠯᠤᠯᠲᠠ ᠲᠣᠭᠲᠠᠭᠤᠨ ᠤ ᠳᠤᠮᠳᠠ ᠰᠠᠶᠢᠵᠢᠷᠠᠪᠠ
ᠨᠡᠶᠢᠲᠡᠯᠡᠭᠰᠡᠨ ᠴᠠᠭ᠄
2023/6/1
    ᠡᠨᠡ ᠵᠢᠯ ᠤᠨ ᠲᠦᠷᠦᠭᠦᠦ 4 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠲᠡᠮᠦᠷ ᠤᠨ ᠬᠦᠳᠡᠷ 169 ᠲᠦᠮᠡᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 95% ᠪᠠᠷ ᠨᠡᠮᠡᠭᠳᠡᠪᠡ︔ ᠪᠠᠷᠠᠭᠠᠨ ᠤ ᠥᠷᠲᠡᠭ 6.7 ᠳ᠋ᠦᠩᠰᠢᠭᠤᠷ ᠲᠥᠭᠦᠷᠢᠭ ᠲᠤ ᠬᠦᠷᠴᠦ᠂ 84.7% ᠪᠠᠷ ᠨᠡᠮᠡᠭᠳᠡᠵᠡᠢ᠃    
   ᠡᠨᠡ ᠵᠢᠯ ᠠᠴᠠ ᠨᠠᠰᠢ᠂ ᠬᠢᠵᠢᠭ ᠤᠨ ᠨᠥᠯᠥᠭᠡ ᠠᠯᠬᠤᠮ ᠠᠯᠬᠤᠮ ᠢᠶᠠᠷ ᠠᠷᠢᠯᠬᠤ ᠶᠢ ᠳᠠᠭᠠᠯᠳᠤᠨ᠂ ᠡᠷᠢᠶᠡᠨ ᠪᠣᠭᠤᠮᠲᠠ ᠶᠢᠨ ᠪᠠᠷᠠᠭ᠎ᠠ ᠥᠩᠭᠡᠷᠡᠬᠦ ᠴᠢᠳᠠᠪᠤᠷᠢ ᠲᠣᠭᠲᠠᠭᠤᠨ ᠢᠶᠠᠷ ᠰᠡᠷᠭᠦᠵᠦ᠂ ᠲᠡᠮᠦᠷ ᠤᠨ ᠬᠦᠳᠡᠷ ᠵᠡᠷᠭᠡ ᠡᠬᠢ ᠪᠠᠶᠠᠯᠢᠭ ᠤᠨ ᠴᠢᠨᠠᠷᠲᠠᠶ ᠲᠠᠸᠠᠷ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠬᠦᠰᠡᠯ ᠡᠷᠡᠮᠡᠯᠵᠡᠯ ᠨᠡᠮᠡᠭᠳᠡᠪᠡ᠃    ᠪᠣᠭᠤᠮᠲᠠ ᠶᠢᠨ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠠᠴᠠ ᠡᠭᠦᠰᠴᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠲᠡᠮᠦᠷ ᠤᠨ ᠬᠦᠳᠡᠷ ᠢᠶᠠᠷ ᠲᠥᠯᠥᠭᠡᠯᠡᠭᠦᠯᠦᠭᠰᠡᠨ ᠡᠬᠢ ᠪᠠᠶᠠᠯᠢᠭ ᠤᠨ ᠲᠦᠷᠦᠯ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠬᠡᠮᠵᠢᠶ᠎ᠡ ᠵᠡᠷᠭᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠦᠢᠴᠡᠳᠬᠡᠯ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠪᠡ᠃    
  ᠡᠷᠢᠶᠡᠨ ᠭᠠᠶᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠡᠳ᠋ ᠳᠠᠷᠤᠭ᠎ᠠ ᠰᠠᠶᠢᠬᠠᠨ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠲᠥᠭᠡᠷᠢᠭᠳᠡᠯ ᠢ ᠬᠠᠷᠢᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠥᠷᠭᠡᠨ ᠣᠯᠠᠨ ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ ᠪᠣᠭᠤᠮᠲᠠ ᠶᠢᠨ ᠠᠵᠤ ᠠᠬᠤᠶᠢᠯᠠᠯ ᠤᠨ ᠤᠯᠠᠮ ᠨᠢᠭᠡ ᠠᠯᠬᠤᠮ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号