ᠮᠠᠨ ᠤ ᠬᠤᠲᠠ ︽ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠫᠠᠶᠢᠰᠠ ᠡᠯᠭᠦᠬᠦ ᠡᠬᠢᠯᠡᠯᠲᠡ ᠶᠢᠨ ᠶᠣᠰᠣᠯᠠᠯ ᠵᠢᠴᠢ ︽ᠵᠠᠭᠤᠨ ᠨᠡᠷᠡᠰ ᠬᠤᠷᠠᠩᠳᠠ ᠵᠠᠭᠤᠨ ᠰᠤᠷᠭᠠᠭᠤᠯᠢ ᠳᠤ ᠣᠷᠣᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/1
       ᠠᠵᠢᠯᠯᠠᠭ᠎ᠠ ᠶᠢᠨ ᠳᠤᠮᠳᠠ᠂ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠫᠠᠶᠢᠰᠠ ᠢᠯᠡᠷᠬᠡᠶᠢᠯᠡᠯ ᠣᠯᠭᠤᠭᠰᠠᠨ ᠪᠥᠭᠡᠳ ᠬᠡᠰᠡᠭ ᠰᠤᠷᠤᠭᠴᠢᠳ ᠤᠨ ᠲᠥᠯᠥᠭᠡᠯᠡᠭᠴᠢ ᠳᠤ ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠰᠦᠯᠳᠡ ᠵᠡᠭᠦᠯᠭᠡᠪᠡ᠃    ᠣᠶᠢᠯᠠᠭᠠᠭᠰᠠᠨ ᠢᠶᠠᠷ᠂ ᠲᠣᠰ ᠰᠤᠷᠭᠠᠭᠤᠯᠢ ︽ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠪᠠᠷ ᠦᠨᠡᠯᠡᠭᠳᠡᠭᠰᠡᠨ ᠶᠠᠪᠤᠳᠠᠯ ᠪᠣᠯ ᠬᠤᠲᠠ ᠳᠤ ᠰᠠᠭᠤᠭ᠎ᠠ ᠴᠡᠷᠢᠭ ᠠᠩᠭᠢ ᠪᠠ ᠰᠤᠷᠭᠠᠭᠤᠯᠢ ᠶᠢᠨ ︽ᠴᠡᠷᠢᠭ ᠠᠷᠠᠳ ᠬᠠᠮᠲᠤ ᠪᠠᠷ ᠪᠠᠶᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠤ ᠳᠠᠷᠠᠭ᠎ᠠ᠂ ᠴᠡᠷᠢᠭ ᠠᠩᠭᠢ ᠪᠠ ᠣᠷᠣᠨ ᠨᠤᠲᠤᠭ ᠬᠤᠣᠰᠯᠠᠨ ᠬᠠᠮᠲᠤ ᠪᠠᠷ ᠪᠠᠶᠢᠭᠤᠯᠤᠭᠰᠠᠨ ᠪᠠᠰᠠ ᠨᠢᠭᠡ ᠵᠦᠢᠯ ᠤᠨ ᠦᠷ᠎ᠡ ᠪᠦᠲᠦᠭᠡᠯ ᠪᠣᠯᠤᠨ᠎ᠠ᠃ ᠮᠠᠨ ᠤ ᠬᠤᠲᠠ ᠥᠩᠭᠡᠷᠡᠭᠰᠡᠨ ᠳᠤ ︽ᠴᠡᠷᠢᠭ ᠠᠷᠠᠳ ᠬᠠᠮᠲᠤ ᠪᠠᠷ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ︾ ᠠᠵᠢᠯ ᠤᠨ ᠰᠠᠭᠤᠷᠢᠨ ᠳᠡᠭᠡᠷ᠎ᠡ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶ ᠪᠠᠬᠢᠵᠢᠭᠦᠯᠪᠡ᠃    ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠰᠤᠷᠤᠭᠴᠢᠳ ᠪᠠᠰᠠ ᠠᠮᠢᠳᠤᠯᠢᠭ ᠪᠥᠭᠡᠳ ᠤᠳᠬ᠎ᠠ ᠠᠭᠤᠯᠭ᠎ᠠ ᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠣᠷᠣᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号