ᠬᠠᠷᠠᠮᠥ᠋ᠷᠡᠨ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠤ ᠬᠤᠢ ᠯᠦᠩ ᠨᠠᠷ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/6/12
   6 ᠰᠠᠷ᠎ᠠ ᠶᠢᠨ 9 ᠤ ᠡᠳᠦᠷ᠂ ᠬᠠᠷᠠᠮᠥ᠋ᠷᠡᠨ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠤ ᠬᠤᠢ ᠯᠦᠩ ᠨᠠᠷ ︽ᠳᠠᠪᠠᠭᠤᠯᠢᠭ ᠢᠶᠠᠨ ᠪᠠᠳᠠᠷᠠᠭᠤᠯᠵᠤ ᠬᠠᠷᠢᠯᠴᠠᠨ ᠬᠠᠪᠰᠤᠷᠤᠯᠴᠠᠵᠤ᠂ ᠤᠮᠠᠷᠠᠰᠢ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠪᠠᠶᠢᠭᠤᠯᠬᠤ︾ ᠰᠡᠳᠦᠪ ᠤᠨ ᠲᠣᠭᠤᠷᠢᠨ ᠳᠤ ᠮᠠᠨ ᠤ ᠬᠤᠲᠠ ᠳᠤ ᠰᠢᠨᠵᠢᠯᠡᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠶᠠᠩᠭᠠᠩ ᠣᠣᠮᠧᠨ ᠲᠠᠶᠢᠸᠠᠨ ᠤ ᠬᠠᠷᠢᠶᠠᠲᠤ ᠶᠢᠨ ᠬᠤᠯᠪᠣᠭ᠎ᠠ ᠠᠪᠬᠤ ᠪᠠ ᠭᠠᠳᠠᠭᠠᠳᠤ ᠶᠠᠪᠤᠳᠠᠯ ᠤᠨ ᠵᠥᠪᠯᠡᠯ ᠤᠨ ᠡᠷᠬᠢᠯᠡᠭᠴᠢ ᠢᠦᠶ ᠰᠢᠤᠸᠠᠢ ᠵᠢᠶᠦ᠋ᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠰᠪᠠᠶᠠᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠠᠵᠢᠯᠯᠠᠭ᠎ᠠ ᠳᠤ ᠣᠷᠣᠯᠴᠠᠪᠠ᠃
   ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠭᠦᠢᠯᠭᠡᠭᠡᠨ ᠤ ᠲᠣᠭᠤᠷᠢᠭ᠂ ᠬᠢᠯᠢ ᠠᠯᠤᠰᠯᠠᠭᠰᠠᠨ ᠡᠯᠧᠺᠲ᠋ᠣᠷᠣᠨ ᠬᠤᠳᠠᠯᠳᠤᠭᠠᠨ ᠤ ᠠᠵᠤ ᠦᠢᠯᠡᠰ ᠤᠨ ᠲᠣᠭᠤᠷᠢᠭ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ᠂ ᠵᠠᠰᠠᠮᠠᠯ ᠵᠠᠮ ᠤᠨ ᠪᠣᠭᠤᠮᠲᠠ ᠶᠢᠨ ᠵᠢᠭᠤᠯᠴᠢᠯᠠᠯ ᠤᠨ ᠪᠠᠶᠢᠴᠠᠭᠠᠬᠤ ᠵᠠᠮ ᠵᠢᠴᠢ ᠬᠡᠰᠡᠭ ᠠᠵᠤ ᠠᠬᠤᠶᠢᠯᠠᠯ ᠳᠤ ᠬᠦᠷᠴᠦ᠂ ᠬᠠᠮᠲᠤᠷᠠᠯᠴᠠᠭᠠᠨ ᠤ ᠲᠣᠭᠤᠷᠢᠭ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠠᠬᠢᠴᠠ ᠂ ᠵᠠᠰᠠᠮᠠᠯ ᠵᠠᠮ ᠤᠨ ᠪᠣᠭᠤᠮᠲᠠ ᠶᠢᠨ ᠪᠠᠶᠢᠷᠢᠰᠢᠭᠤᠯᠤᠯᠲᠠ ᠬᠢᠭᠡᠳ ᠪᠣᠭᠤᠮᠲᠠ ᠪᠠᠷ ᠥᠩᠭᠡᠷᠡᠬᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠠᠵᠢᠯᠯᠠᠭᠠᠨ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠬᠢᠭᠡᠳ ᠡᠵᠡᠩᠨᠡᠯᠲᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠥᠮᠥᠷᠭᠡ ᠵᠢᠴᠢ ᠠᠵᠤ ᠠᠬᠤᠶᠢᠯᠠᠯ ᠤᠨ ᠪᠣᠳᠠᠲᠠᠶᠢᠵᠢᠭᠤᠯᠤᠨ ᠡᠳ᠋ᠰᠢᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
   ᠥᠪᠥᠷ ᠮᠣᠩᠭᠤᠯ ᠤᠨ ᠳ᠋ᠦᠩ ᠰᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠠᠮᠤ ᠪᠤᠳᠠᠭ᠎ᠠ ᠭᠠᠳᠠᠭᠠᠳᠤ ᠠᠴᠠ ᠣᠷᠣᠭᠤᠯᠵᠤ ᠡᠳ᠋ᠰᠢᠭᠦᠯᠦᠨ ᠪᠣᠯᠪᠠᠰᠤᠷᠠᠭᠤᠯᠵᠤ ᠪᠠᠶᠢᠭ᠎ᠠ ᠪᠠᠶᠢᠳᠠᠯ ᠢ ᠣᠶᠢᠯᠠᠭᠠᠪᠠ᠃    ᠬᠤᠤ ᠬᠤᠢ ᠯᠦᠩ ᠢᠯᠡᠷᠬᠡᠶᠢᠯᠡᠬᠦ ᠳᠡᠭᠡᠨ᠂ ᠬᠠᠷᠠᠮᠥ᠋ᠷᠡᠨ ᠮᠤᠵᠢ ᠪᠣᠯ ᠬᠢᠯᠢ ᠳᠠᠭᠠᠤ ᠨᠡᠭᠡᠭᠡᠯᠲᠡ ᠬᠢᠬᠦ ᠲᠣᠮᠣ ᠮᠤᠵᠢ ᠮᠥᠨ᠂ ᠨᠡᠯᠢᠶᠡᠳ ᠣᠯᠠᠨ ᠬᠢᠯᠢ ᠳᠠᠭᠠᠤ ᠶᠢᠨ ᠪᠣᠭᠤᠮᠲᠠ ᠶᠢᠨ ᠨᠡᠭᠡᠭᠡᠯᠲᠡ ᠶᠢᠨ ᠬᠤᠲᠠ ᠪᠠᠶᠢᠵᠤ᠂ ᠡᠷᠢᠶᠡᠨ ᠬᠤᠲᠠ ᠶᠢᠨ ᠠᠵᠤ ᠦᠢᠯᠡᠰ ᠤᠨ ᠰᠠᠭᠤᠷᠢ᠂ ᠠᠵᠤ ᠠᠬᠤᠢ ᠶᠢᠨ ᠬᠥᠭᠵᠢᠯᠲᠡ ᠶᠢᠨ ᠣᠳᠣᠬᠢ ᠪᠠᠶᠢᠳᠠᠯ ᠲᠠᠢ ᠠᠳᠠᠯᠢᠪᠲᠤᠷ ᠪᠠᠶᠢᠨ᠎ᠠ᠃ ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠰᠠᠶᠢᠨ ᠲᠤᠷᠰᠢᠯᠭ᠎ᠠ ᠪᠠᠨ ᠠᠪᠴᠤ ᠬᠠᠷᠢᠭᠠᠳ᠂ ᠤᠯᠤᠰ ᠲᠥᠷᠥ ᠶᠢᠨ ᠵᠥᠪᠯᠡᠯᠭᠡᠨ ᠤ ᠲᠠᠰ ᠳᠠᠪᠬᠤᠷᠭ᠎ᠠ ᠠᠴᠠ ᠬᠠᠷᠠᠮᠥ᠋ᠷᠡᠨ ᠮᠤᠵᠢ ᠶᠢᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠢᠳᠡᠪᠬᠢᠲᠡᠶ ᠠᠬᠢᠭᠤᠯᠵᠤ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠤᠨ ᠪᠥᠲᠥᠭᠡᠨ ᠪᠠᠶᠢᠭᠤᠯᠤᠯᠲᠠ ᠳᠤ ᠠᠭᠤᠰᠤᠯᠴᠠᠬᠤ ᠶᠢ ᠲᠦᠷᠭᠡᠳᠬᠡᠨ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠵᠦ᠂ ᠭᠠᠳᠠᠭᠠᠳᠤ ᠠᠷᠠᠯᠵᠢᠶᠠᠨ ᠤ ᠬᠠᠮᠲᠤᠷᠠᠯᠴᠠᠭᠠᠨ ᠤ ᠲᠠᠪᠴᠠᠩ ᠢ ᠥᠨᠳᠥᠷ ᠲᠦᠪᠰᠢᠨ ᠢᠶᠠᠷ ᠪᠥᠲᠥᠭᠡᠨ ᠪᠠᠶᠢᠭᠤᠯᠵᠤ᠂ ᠬᠢᠯᠢ ᠶᠢᠨ ᠢᠷᠭᠡᠳ ᠤᠨ ᠬᠤᠳᠠᠯᠳᠣᠭᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠠᠯᠬᠤᠮ ᠠᠯᠬᠤᠮ ᠢᠶᠠᠷ ᠨᠡᠭᠡᠭᠡᠬᠦ ᠶᠢ ᠠᠬᠢᠭᠤᠯᠤᠨ᠂ ᠣᠷᠣᠰ ᠤᠨ ᠠᠯᠤᠰ ᠳᠣᠷᠣᠨᠠᠲᠤ ᠶᠢᠨ ᠭᠠᠵᠠᠷ ᠣᠷᠣᠨ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠲᠠᠰ ᠳᠡᠪᠰᠢᠬᠦ ᠶᠢ ᠲᠦᠷᠭᠡᠳᠬᠡᠵᠦ᠂ ᠬᠢᠯᠢ ᠶᠢᠨ ᠠᠷᠠᠯᠵᠢᠶ᠎ᠠ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠪᠣᠭᠤᠮᠲᠠ ᠶᠢᠨ ᠬᠤᠭᠤᠷᠣᠨᠳᠣᠬᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ ᠬᠠᠷᠢᠯᠴᠠᠨ ᠬᠠᠪᠰᠤᠷᠤᠯᠴᠠᠬᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠭᠠᠷ ᠬᠤᠯᠪᠣᠨ ᠬᠠᠮᠲᠤ ᠪᠠᠷ ᠤᠮᠠᠷᠠᠰᠢ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠲᠡᠶ ᠭᠡᠵᠡᠢ᠃
   ᠴᠣᠭᠵᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠢ ᠲᠥᠯᠥᠭᠡᠯᠡᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠡᠷᠢᠶᠡᠨ ᠪᠣᠭᠤᠮᠲᠠ ᠪᠣᠯᠤᠨ ᠬᠠᠷᠠᠮᠥ᠋ᠷᠡᠨ ᠮᠤᠵᠢ ᠶᠢᠨ ᠬᠢᠯᠢ ᠳᠠᠭᠠᠤ ᠶᠢᠨ ᠪᠣᠭᠤᠮᠲᠠ ᠨᠢ ᠪᠦᠷ ᠭᠠᠳᠠᠭᠠᠳᠤ ᠨᠡᠬᠡᠬᠡᠯᠳᠡ ᠶᠢᠨ ᠪᠣᠭᠤᠮᠲᠠ ᠪᠣᠯᠤᠨ᠎ᠠ᠂ ᠬᠠᠮᠲᠤᠷᠠᠯᠴᠠᠨ ᠬᠠᠷᠢᠯᠴᠠᠬᠤ ᠪᠠᠨ ᠴᠢᠩᠭᠠᠳᠬᠠᠵᠤ᠂ ᠬᠠᠷᠢᠯᠴᠠᠨ ᠲᠤᠯᠢ ᠪᠣᠯᠭᠠᠨ ᠰᠤᠷᠤᠯᠴᠠᠵᠤ᠂ ᠭᠠᠷ ᠬᠤᠯᠪᠣᠨ ᠵᠡᠷᠭᠡᠪᠡᠷ ᠤᠷᠤᠭᠰᠢᠯᠠᠵᠤ᠂ ᠰᠣᠶᠣᠯ᠂ ᠠᠵᠤ ᠠᠬᠤᠢ᠂ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号