ᠪᠦᠰᠡᠬᠦᠶᠢᠴᠣᠳ ᠢ ᠬᠠᠶᠢᠷᠠᠯᠠᠨ ᠬᠠᠯᠠᠮᠵᠢᠯᠠ︕ 2023 ᠣᠨ ᠤ ︽ᠬᠤᠶᠠᠷ ᠥᠮᠡᠨ︾ ᠤ ᠳᠦᠯᠦᠪᠣᠷᠢ ᠦᠭᠡᠢ ᠰᠢᠭᠰᠢᠨ ᠪᠠᠶᠢᠴᠠᠭᠠᠯᠲᠠ ᠡᠬᠢᠯᠡᠪᠡ
ᠨᠡᠶᠢᠲᠡᠯᠡᠭᠰᠡᠨ ᠴᠠᠭ᠄
2023/6/13
  ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠳᠣᠯᠠᠳᠠ᠂ ᠡᠨᠡ ᠵᠢᠯ ᠮᠠᠨ ᠤ ᠬᠤᠲᠠ ᠡᠮᠡᠭᠲᠡᠶᠢᠴᠦᠳ ᠲᠤ ︽ᠬᠤᠶᠠᠷ ᠥᠮᠡᠨ︾ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ ᠦᠢᠯᠡᠴᠢᠯᠡᠭᠡ ᠶᠢ ᠦᠷᠭᠦᠯᠵᠢᠯᠡᠨ ᠬᠠᠩᠭᠠᠪᠠ᠃ 6 ᠰᠠᠷ᠎ᠠ ᠶᠢᠨ 12 ᠤᠨ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠳᠦ ᠬᠤᠷᠠᠯ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠬᠠᠮᠲᠤᠷᠠᠨ ᠥᠷᠨᠢᠭᠦᠯᠦᠭᠰᠡᠨ ᠭᠤᠷᠪᠠᠨ ᠰᠠᠷ᠎ᠠ ᠶᠢᠨ ᠬᠤᠭᠤᠴᠠᠭ᠎ᠠ ᠲᠠᠢ ︽ᠬᠤᠶᠠᠷ ᠥᠮᠡᠨ︾ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠡᠬᠢᠯᠡᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠪᠠᠶᠢᠴᠠᠭᠠᠬᠤ ᠪᠠᠷ ᠢᠷᠡᠭᠰᠡᠨ ᠡᠮᠡᠭᠲᠡᠶᠢᠴᠦᠳ ᠲᠠᠰᠤᠷᠠᠯᠲᠠ ᠥᠬᠡᠶ ᠣᠯᠠᠰᠢᠷᠠᠵᠤ᠂ ᠡᠮᠨᠡᠯᠭᠡ ᠶᠢᠨ ᠠᠵᠢᠯᠲᠠᠳ ᠲᠡᠳᠡᠨ ᠤ ᠪᠡᠶ᠎ᠡ ᠶᠢᠨ ᠪᠠᠶᠢᠳᠠᠯ ᠢ ᠬᠦᠯᠢᠴᠡᠩᠭᠦᠶ ᠪᠠᠷ ᠯᠠᠪᠯᠠᠨ ᠠᠰᠠᠭᠤᠭᠰᠠᠨ ᠪᠥᠭᠡᠳ ᠮᠡᠳᠡᠭᠡ ᠵᠠᠩᠭᠢ ᠶᠢᠨ ᠳᠡᠩᠰᠡᠯᠡᠯᠲᠡ ᠬᠢᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠵᠣᠬᠢᠴᠠᠩᠭᠤᠶ ᠡᠮᠴᠢᠯᠡᠭᠡᠨ ᠤ ᠲᠠᠰᠤᠭ ᠲᠤ ᠣᠴᠢᠭᠤᠯᠤᠨ ᠰᠢᠭᠰᠢᠨ ᠪᠠᠶᠢᠴᠠᠭᠠᠯᠲᠠ ᠬᠢᠯᠭᠡᠵᠡᠶ᠃ ᠡᠭᠦᠨ ᠤ ᠬᠠᠮᠲᠤ᠂ ᠠᠵᠢᠯᠲᠠᠳ ᠪᠠᠰᠠ ᠬᠥᠬᠦᠨ ᠪᠤᠯᠴᠢᠷᠬᠠᠶ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠵᠡᠷᠭᠡ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠡᠮᠡᠭᠲᠡᠶᠢᠴᠦᠳ ᠤᠨ ᠡᠷᠡᠭᠦᠯᠵᠢᠯ ᠤᠨ ᠤᠬᠠᠮᠰᠠᠷ ᠢ ᠨᠡᠮᠡᠭᠳᠡᠭᠦᠯᠪᠡ᠃    ᠣᠶᠢᠷ᠎ᠠ ᠶᠢᠨ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠮᠡᠭᠲᠡᠶᠢᠴᠦᠳ ᠤᠨ ᠴᠢᠨᠠᠷᠲᠠᠶ ᠡᠷᠡᠭᠦᠯ ᠮᠡᠨᠳᠦ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠰᠦᠢᠳᠬᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠤ ᠪᠠᠶᠢᠴᠠᠭᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠥᠷᠭᠡᠨ ᠣᠯᠠᠨ ᠡᠮᠡᠭᠲᠡᠶᠢᠴᠦᠳ ᠲᠤ ᠴᠠᠭ ᠲᠤᠬᠠᠶ ᠳᠤᠨᠢ ᠪᠡᠶ᠎ᠡ ᠶᠢᠨ ᠪᠠᠶᠢᠳᠠᠯ ᠢ ᠣᠶᠢᠯᠠᠭᠠᠭᠤᠯᠵᠤ᠂ ᠡᠷᠲᠡ ᠣᠨᠣᠰᠢᠯᠠᠵᠤ᠂ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠡᠮᠨᠡᠨ ᠵᠠᠰᠠᠵᠤ᠂ ᠡᠪᠡᠳᠴᠢᠨ ᠡᠮᠭᠡᠭ ᠠᠴᠠ ᠪᠣᠯᠤᠭᠰᠠᠨ ᠡᠮᠡᠭᠲᠡᠶᠢᠴᠦᠳ ᠤᠨ ᠠᠮᠢ ᠨᠠᠰᠤᠨ ᠳᠤ ᠤᠴᠠᠷᠠᠭᠤᠯᠤᠭᠰᠠᠨ ᠰᠦᠷᠳᠡᠭᠦᠯᠦᠯ ᠢ ᠪᠠᠭᠤᠷᠠᠭᠤᠯᠤᠭᠰᠠᠨ ᠪᠠᠶᠢᠨ᠎ᠠ᠃    ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶᠠᠨ ᠤ ᠳᠡᠳ᠋ ᠡᠷᠬᠢᠯᠡᠭᠴᠢ ᠴᠧᠨ ᠷᠦᠢ ᠹᠧᠩ᠄ ︽ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠨᠢᠭᠡᠨᠲᠡ ᠡᠮᠡᠭᠲᠡᠶᠢᠴᠦᠳ ᠤᠨ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠬᠤ ᠠᠩᠬᠠᠨ ᠤ ︿ᠶᠠᠷᠭᠠᠴᠢᠨ﹀ ᠪᠣᠯᠵᠣ᠂ ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠳᠠᠭ ᠯᠠ ᠶᠤᠮ ᠪᠣᠯ ᠡᠪᠡᠳᠴᠢᠯᠡᠭᠰᠡᠨ ᠡᠮᠡᠭᠲᠡᠶᠢᠴᠦᠳ ᠤᠨ ᠣᠷᠣᠰᠢᠨ ᠲᠣᠭᠲᠠᠨᠢᠬᠤ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃ ᠡᠶᠢᠮᠦ ᠠᠴᠠ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠶᠢᠨ ᠵᠣᠷᠢᠯᠭ᠎ᠠ ᠨᠢ ᠳᠠᠷᠤᠶ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠶᠤᠮ︾    ᠣᠳᠣ ᠦᠶ᠎ᠡ ᠶᠢᠨ ᠲᠦᠷᠭᠡᠨ ᠠᠶᠢᠵᠠᠮ ᠲᠠᠢ ᠠᠮᠢᠳᠤᠷᠠᠯ᠂ ᠮᠠᠰᠢ ᠣᠯᠠᠨ ᠡᠮᠡᠭᠲᠡᠶᠢᠴᠦᠳ ᠲᠤ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠣᠮᠲᠣᠭᠠᠶᠢᠯᠠᠭᠤᠯᠵᠤ᠂ ᠡᠮᠡᠭᠲᠡᠶ ᠨᠠᠶᠢᠵᠠ ᠨᠠᠷ ᠡᠷᠬᠡᠪᠰᠢ ᠥᠪᠡᠷ ᠢ ᠪᠠᠨ ᠬᠠᠶᠢᠷᠠᠯᠠᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠡᠮᠡᠭᠲᠡᠶᠢᠴᠦᠳ ᠤᠨ ᠰᠠᠯᠠᠭᠠᠨ ᠤ ᠪᠠᠶᠢᠴᠠᠭᠠᠯᠲᠠ ᠬᠢᠵᠦ᠂ ᠴᠠᠭ ᠲᠤᠬᠠᠶ ᠳᠤᠨᠢ ᠸᠠᠺᠼᠢᠨ ᠤ ᠲᠠᠷᠢᠯᠭ᠎ᠠ ᠬᠢᠵᠦ᠂ ᠥᠪᠡᠷ ᠢ ᠪᠠᠨ ᠬᠠᠮᠠᠭᠠᠯᠠᠬᠤ ᠪᠠ ᠡᠷᠡᠭᠦᠯᠵᠢᠯ ᠤᠨ ᠤᠬᠠᠮᠰᠠᠷ ᠢᠶᠠᠨ ᠴᠢᠩᠭᠠᠳᠬᠠᠪᠠᠯ ᠵᠣᠬᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号