【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠬᠤ ᠥᠷᠲᠡᠭᠡᠨ ᠤ ᠭᠠᠭᠴᠠ ᠡᠳᠦᠷ ᠤᠨ ᠰᠢᠯᠭᠠᠨ ᠪᠠᠶᠢᠴᠠᠭᠠᠯᠲᠠ ᠶᠢᠨ ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/6/13
     ᠣᠶᠢᠷ᠎ᠠ ᠶᠢᠨ ᠡᠳᠦᠷ ᠤᠳ ᠲᠤ᠂ ᠡᠷᠢᠶᠡᠨ ᠲᠡᠮᠦᠷ ᠵᠠᠮ ᠤᠨ ᠪᠣᠭᠤᠮᠲᠠ ᠳᠤ ᠶᠠᠭᠠᠷᠠᠯᠲᠠᠢ ᠪᠠᠶᠢᠳᠠᠯ ᠢᠯᠡᠷᠡᠵᠦ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠭᠠᠯᠲᠤ ᠲᠡᠷᠭᠡ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠪᠦᠷᠢᠶ᠎ᠡ ᠬᠠᠩᠬᠢᠨᠠᠵᠦ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠢᠶᠠᠷ ᠠᠶᠠᠯᠠᠪᠠ᠃
   6 ᠰᠠᠷ᠎ᠠ ᠶᠢᠨ 5 ᠤ ᠡᠳᠦᠷ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠡᠳᠦᠷ ᠪᠦᠷᠢ ᠶᠢᠨ ᠰᠢᠯᠭᠠᠨ ᠪᠠᠶᠢᠴᠠᠭᠠᠵᠤ ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠭᠠᠭᠴᠠ ᠡᠳᠦᠷ ᠤᠨ ᠰᠢᠯᠭᠠᠨ ᠪᠠᠶᠢᠴᠠᠭᠠᠯᠲᠠ 52 ᠴᠤᠪᠤᠭ᠎ᠠ ᠤᠳᠠᠭ᠎ᠠ ᠳᠤ ᠬᠦᠷᠴᠦ᠂ ᠡᠭᠦᠨ ᠤ ᠳᠣᠲᠣᠷ᠎ᠠ ᠡᠳᠦᠷ ᠤᠨ 24 ᠴᠤᠪᠤᠭ᠎ᠠ ᠤᠳᠠᠭ᠎ᠠ᠂ ᠰᠥᠨᠢ 28 ᠤᠳᠠᠭ᠎ᠠ ᠶᠠᠪᠤᠭᠳᠠᠪᠠ᠃
   ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠶᠢᠨ ᠠᠵᠢᠯᠯᠠᠭᠠᠨ ᠳᠠᠬᠢᠨ ᠢᠶᠠᠷ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠶᠤᠨᠲᠤ ᠬᠢᠯᠢ ᠶᠢᠨ ᠪᠠᠶᠢᠴᠠᠭᠠᠯᠲᠠ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ᠂ ᠲᠡᠮᠦᠷ ᠵᠠᠮ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠠᠵᠢᠯᠯᠠᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠭᠠᠯᠲᠤ ᠲᠡᠷᠭᠡᠨ ᠤ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠡᠷᠡᠭᠲᠡᠶ ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠰᠠᠭᠠᠳ ᠥᠬᠡᠶ ᠨᠡᠪᠲᠡᠷᠡᠬᠦ ᠵᠠᠮ︾᠂ ︽ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠵᠢᠴᠢ ᠲᠤᠰᠬᠠᠶ ᠴᠣᠩᠬᠤ ᠶᠢ ᠪᠠᠶᠢᠭᠤᠯᠵᠤ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠪᠤᠴᠠᠬᠤ ᠡᠭᠡᠯᠵᠢ ᠶᠢᠨ ᠭᠠᠯᠲᠤ ᠲᠡᠷᠭᠡᠨ ᠤ ᠪᠠᠷᠠᠭ᠎ᠠ ᠠᠴᠢᠶᠠᠯᠠᠬᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠷᠠᠭ᠎ᠠ ᠶᠢ ᠲᠦᠷᠭᠡᠨ ᠭᠠᠷᠭᠠᠬᠤ ᠶᠢ ᠪᠡᠶᠡᠯᠡᠭᠦᠯᠵᠦ᠂ ᠭᠠᠯᠲᠤ ᠲᠡᠷᠭᠡᠨ ᠤ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠣᠭᠤᠮᠲᠠ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃    ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠸᠧᠶ ᠸᠧᠶ᠄ ︽ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠪᠢᠳᠡ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠲᠦᠷᠭᠡᠨ ᠪᠠᠶᠢᠴᠠᠭᠠᠨ ᠰᠢᠯᠭᠠᠬᠤ᠂ ᠲᠤᠭᠤᠯᠭ᠎ᠠ ᠶᠢ ᠪᠢᠲᠡᠭᠦᠮᠵᠢᠯᠡᠨ ᠪᠠᠶᠢᠴᠠᠭᠠᠬᠤ ᠦᠭᠡᠢ ᠪᠠᠶᠢᠬᠤ ᠵᠡᠷᠭᠡ ᠠᠯᠢ ᠣᠯᠠᠨ ᠰᠢᠨ᠎ᠡ ᠠᠷᠭ᠎ᠠ ᠬᠡᠮᠵᠢᠶ᠎ᠡ ᠶᠢ ᠠᠪᠴᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠳᠠᠷᠦ᠋ᠢᠬᠠᠨ ᠪᠠᠶᠢᠴᠠᠭᠠᠵᠤ ᠳᠠᠷᠦ᠋ᠢᠬᠠᠨ ᠲᠠᠯᠪᠢᠵᠤ᠂ ᠪᠠᠶᠢᠴᠠᠭᠠᠨ ᠰᠢᠯᠭᠠᠬᠤ ᠶᠢ ᠰᠠᠭᠠᠲᠠᠭᠠᠬᠤ ᠦᠶ᠎ᠡ᠂ ᠪᠣᠭᠤᠮᠲᠠ ᠪᠠᠷ ᠥᠩᠭᠡᠷᠡᠬᠦ ᠶᠢ ᠬᠦᠯᠢᠶᠡᠬᠦ ᠦᠭᠡᠢ ᠪᠠᠶᠢᠬᠤ ᠶᠢ ᠪᠠᠲᠤᠯᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ︿ᠬᠤᠷᠳᠤᠴᠠ ᠪᠠᠨ ᠲᠦᠷᠭᠡᠳᠬᠡᠬᠦ﹀ ᠳᠤ ᠬᠦᠴᠦᠨ ᠨᠡᠮᠡᠷᠢᠯᠡᠶ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号