| | ᠣᠶᠢᠷ᠎ᠠ ᠳᠤ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠥᠷᠲᠡᠭᠡ ︽ᠬᠢᠯᠢ ᠶᠢ ᠰᠠᠬᠢᠨ ᠬᠠᠮᠠᠭᠠᠯᠠᠵᠤ ︿ᠵᠥᠪᠳᠡᠯᠴᠡᠭᠡᠨ ᠤ ᠠᠶ᠎ᠠ﹀ ᠶᠢ ᠬᠥᠭᠵᠢᠮᠳᠡᠵᠦ᠂ ᠴᠠᠭᠳᠠᠭ᠎ᠠ ᠶᠢᠨ ︿ | ᠰᠡᠳᠬᠢᠯ ᠤᠨ ᠬᠥᠭᠦᠷᠭᠡ︾ ᠶᠢ ᠬᠠᠮᠲᠤ ᠪᠠᠷ ᠴᠣᠭᠴᠠᠯᠠᠶ᠎ᠠ︾ ᠭᠡᠬᠦ ᠴᠠᠭᠳᠠᠭᠠᠨ ᠤ ᠬᠤᠸᠠᠷᠠᠨ ᠤ ᠨᠡᠭᠡᠭᠡᠯᠲᠡᠲᠦ ᠡᠳᠦᠷ ᠤᠨ | ᠠᠵᠢᠯᠯᠠᠭ᠎ᠠ ᠥᠷᠨᠢᠭᠦᠯᠪᠡ᠃ ᠰᠠᠭᠤᠭ᠎ᠠ ᠭᠠᠵᠠᠷ᠂ ᠣᠨᠳᠣᠤ ᠭᠠᠵᠠᠷ ᠠᠴᠠ ᠢᠷᠡᠭᠰᠡᠨ 41 ᠪᠠᠭ᠎ᠠ ᠬᠡᠷ ᠪᠦᠯᠢ ᠶᠢᠨ 120 | ᠭᠠᠷᠤᠶ ᠬᠥᠮᠦᠨ ᠬᠠᠶᠢᠷ᠎ᠠ ᠶᠢᠨ ᠨᠡᠷ᠎ᠡ ᠪᠠᠷ ᠴᠠᠭᠳᠠᠭᠠᠨ ᠤ ᠬᠤᠸᠠᠷᠠᠨ ᠤ ᠶᠡᠭᠡ ᠬᠡᠷ ᠪᠦᠯᠢ ᠳᠤ ᠬᠦᠷᠴᠦ ᠴᠤᠭᠯᠠᠪᠠ᠃ | ᠲᠣᠰ ᠤᠳᠠᠭᠠᠨ ᠤ ᠴᠠᠭᠳᠠᠭᠠᠨ ᠤ ᠬᠤᠸᠠᠷᠠᠨ ᠤ ᠨᠡᠭᠡᠭᠡᠯᠲᠡᠲᠡᠶ ᠡᠳᠦᠷ ᠤᠨ ᠠᠵᠢᠯᠯᠠᠭ᠎ᠠ ᠨᠢ ᠬᠡᠷ ᠪᠦᠯᠢ ᠶᠢᠨ ᠬᠢᠨ ᠤ | ᠠᠭᠤᠯᠵᠠᠯᠲᠠ ᠶᠢᠨ ᠬᠤᠷᠠᠯ᠂ ᠵᠢᠵᠢᠭᠦᠷᠯᠡᠬᠦ ᠠᠵᠢᠯ ᠠᠮᠢᠳᠤᠷᠠᠯ ᠤᠨ ᠲᠠᠯᠠᠪᠤᠷ ᠢ ᠲᠣᠭᠤᠷᠢᠨ ᠦᠵᠡᠬᠦ᠂ ᠴᠠᠭᠳᠠᠭᠠᠨ ᠤ ᠵᠡᠪᠰᠡᠭ | ᠲᠣᠨᠣᠭᠯᠠᠯ ᠤᠨ ᠦᠵᠡᠭᠦᠯᠦᠯᠭᠡ᠂ ᠡᠴᠢᠭᠡ ᠡᠬᠡ ᠦᠷ᠎ᠡ ᠬᠡᠤᠬᠡᠳ ᠤᠨ ᠰᠣᠨᠢᠷᠬᠠᠯᠲᠠᠶ ᠪᠡᠶ᠎ᠡ ᠶᠢᠨ ᠲᠠᠮᠢᠷ ᠤᠨ ᠴᠤᠭᠯᠠᠭᠠᠨ | ᠵᠡᠷᠭᠡ ᠣᠯᠠᠨ ᠭᠤᠭᠴᠤᠭ᠎ᠠ ᠶᠢ ᠨᠠᠷᠢᠨ ᠨᠢᠮᠪᠠᠶ ᠵᠢᠷᠤᠵᠤ ᠲᠥᠯᠥᠪᠯᠡᠵᠡᠶ᠃ ᠥᠷᠭᠡᠨ ᠣᠯᠠᠨ ᠠᠷᠠᠳ ᠤᠨ ᠴᠠᠭᠳᠠᠭ᠎ᠠ ᠵᠢᠴᠢ | ᠭᠡᠷ ᠪᠦᠯᠢ ᠶᠢᠨ ᠬᠢᠨ ᠵᠢᠵᠢᠭᠦᠷᠯᠡᠬᠦ ᠲᠤᠬᠠᠶ ᠶᠢᠨ ᠲᠠᠯᠠᠪᠠᠢ ᠶᠢᠨ ᠠᠵᠢᠯ ᠤᠨ ᠣᠷᠴᠢᠨ ᠲᠣᠭᠤᠷᠢᠨ᠂ ᠴᠠᠭᠳᠠᠭᠠᠨ ᠤ | ᠲᠣᠨᠣᠭᠯᠠᠯ ᠤᠨ ᠦᠵᠡᠭᠦᠯᠦᠯᠭᠡ᠂ ᠴᠠᠭᠳᠠᠭᠤᠯ ᠨᠣᠬᠠᠶ ᠶᠢᠨ ᠪᠠᠶᠢᠯᠳᠤᠬᠤ ᠠᠷᠭ᠎ᠠ ᠶᠢᠨ ᠲᠣᠭᠯᠠᠯᠲᠠ ᠵᠡᠷᠭᠡ ᠶᠢ ᠲᠣᠭᠤᠷᠢᠨ | ᠦᠵᠡᠬᠦ ᠪᠠᠷ ᠳᠠᠮᠵᠢᠭᠤᠯᠤᠨ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭᠠᠨ ᠤ ᠠᠵᠢᠯ ᠠᠮᠢᠳᠤᠷᠠᠯ ᠤᠨ ᠪᠠᠶᠢᠳᠠᠯ ᠢ | ᠭᠦᠨᠵᠡᠭᠡᠶ᠂ ᠰᠢᠭᠤᠳ ᠠᠵᠢᠭᠯᠠᠵᠤ᠂ ᠥᠴᠦᠬᠡᠨ ᠴᠦ ᠵᠠᠶ ᠦᠭᠡᠢ ᠮᠡᠳᠡᠷᠡᠵᠦ᠂ ᠴᠠᠭᠳᠠᠭᠠᠨ ᠤ ᠬᠡᠦᠬᠡᠳ ᠤᠨ ᠡᠴᠢᠭᠡ | ᠡᠬᠡ ᠶᠢᠨ ᠲᠤᠬᠠᠶᠢᠯᠠᠭᠰᠠᠨ ᠠᠵᠢᠯ ᠤᠨ ᠲᠤᠬᠠᠶ ᠲᠠᠨᠢᠯᠲᠠ ᠶᠢ ᠴᠢᠩᠭᠠᠳᠬᠠᠵᠤ᠂ ᠭᠡᠷ ᠪᠦᠯᠢ ᠶᠢᠨ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠠᠵᠢᠯ ᠤᠨ ᠲᠤᠬᠠᠶ ᠣᠶᠢᠯᠠᠭᠠᠯᠲᠠ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠶ᠃ | ᠲᠣᠭᠤᠷᠢᠨ ᠦᠵᠡᠬᠦ ᠳᠤᠮᠳᠠ᠂ ᠠᠷᠠᠳ ᠤᠨ ᠴᠠᠭᠳᠠᠭ᠎ᠠ ᠨᠠᠷ ᠡᠷᠢᠶᠡᠨ ᠤ ᠬᠢᠯᠢ ᠶᠢᠨ ᠪᠠᠶᠢᠴᠠᠭᠠᠯᠲᠠ ᠶᠢᠨ 67 ᠵᠢᠯ | ᠰᠠᠯᠬᠢ ᠪᠣᠷᠣᠭᠠᠨ ᠢ ᠰᠦᠷᠴᠦ᠂ ᠡᠷᠡᠮᠡᠬᠡᠶᠢᠯᠡᠨ ᠤᠷᠤᠭᠰᠢᠯᠠᠵᠤ᠂ ᠤᠯᠤᠰ ᠤᠨ ᠬᠢᠯᠢ ᠶᠢᠨ ᠪᠣᠭᠤᠮᠲᠠ ᠶᠢᠨ ᠠᠮᠤᠷ ᠲᠦᠪᠰᠢᠨ | ᠲᠣᠭᠲᠠᠭᠤᠨ ᠪᠠᠶᠢᠬᠤ ᠢᠷᠠᠭᠤ ᠠᠯᠳᠠᠷᠲᠤ ᠲᠡᠦᠬᠡ ᠪᠣᠯᠤᠨ ᠢᠷᠠᠭᠤ ᠠᠯᠳᠠᠷ ᠤᠨ ᠬᠤᠷᠠᠮᠳᠤᠯ ᠢ ᠬᠠᠮᠠᠭᠠᠯᠠᠪᠠ᠃ ᠴᠠᠭᠳᠠᠭ᠎ᠠ | ᠨᠠᠷ ᠲᠠᠶᠢᠯᠪᠤᠷᠢᠯᠠᠯᠲᠠ ᠶᠢ ᠰᠣᠨᠣᠰᠬᠤ ᠶᠢᠨ ᠬᠠᠮᠲᠤ ᠠᠯᠬᠤᠮ ᠠᠯᠬᠤᠮ ᠢᠶᠠᠷ ᠠᠵᠢᠭᠯᠠᠵᠤ᠂ ᠲᠡᠤᠬᠡ ᠶᠢᠨ ᠣᠷᠳᠣᠨ ᠤ ᠠᠯᠢ | ᠣᠯᠠᠨ ᠬᠤᠪᠣᠷ ᠨᠠᠨᠳᠢᠨ ᠦᠵᠡᠭᠦᠯᠦᠯᠭᠡ ᠶᠢ ᠨᠠᠷᠢᠨ ᠬᠢᠨᠠᠮᠠᠭᠠᠶ ᠦᠵᠡᠵᠦ᠂ ᠡᠳᠦᠷ ᠠᠴᠠ ᠡᠳᠦᠷ ᠰᠢᠨᠡᠳᠦᠨ ᠬᠤᠪᠢᠷᠠᠵᠤ | ᠪᠠᠶᠢᠭ᠎ᠠ ᠬᠤᠪᠢᠷᠠᠯᠲᠠ ᠶᠢ ᠮᠡᠳᠡᠷᠡᠵᠦ᠂ ᠲᠣᠮᠣ ᠪᠣᠯᠤᠭᠰᠠᠨ ᠤ ᠳᠠᠷᠠᠭ᠎ᠠ ᠴᠦ ᠢᠷᠠᠭᠤ ᠠᠯᠳᠠᠷᠲᠤ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠴᠠᠭᠳᠠᠭ᠎ᠠ ᠪᠣᠯᠬᠤ ᠭᠡᠵᠦ ᠢᠯᠡᠷᠬᠡᠶᠢᠯᠡᠵᠡᠶ᠃ | ᠡᠯᠪᠡᠭ ᠪᠠᠶᠠᠯᠢᠭ ᠰᠣᠨᠢᠷᠬᠠᠯᠲᠠᠢ ᠨᠡᠭᠡᠭᠡᠯᠲᠡᠲᠦ ᠡᠳᠦᠷ ᠤᠨ ᠠᠵᠢᠯᠯᠠᠭ᠎ᠠ ᠨᠢ ᠪᠦᠬᠦ᠋ᠢᠯᠡ ᠴᠠᠭᠳᠠᠭᠠᠨ ᠤ ᠬᠤᠸᠠᠷᠠᠨ ᠢ | ᠪᠠᠶᠠᠷ ᠪᠠᠭ᠋ᠠᠳᠤᠯ ᠢᠶᠠᠷ ᠪᠢᠯᠬᠠᠵᠤ᠂ ᠡᠭᠦᠷᠭᠡ ᠭᠦᠢᠴᠡᠳᠬᠡᠵᠦ ᠪᠠᠶᠢᠭ᠎ᠠ ᠠᠷᠠᠳ ᠤᠨ ᠴᠠᠭᠳᠠᠭ᠎ᠠ ᠪᠣᠯᠤᠨ ᠭᠡᠷ ᠪᠦᠯᠢ ᠶᠢᠨ ᠬᠢᠨ ᠢ | ᠨᠢᠭᠡ ᠲᠠᠩᠬᠢᠮ ᠳᠤ ᠴᠤᠭᠯᠠᠷᠠᠭᠤᠯᠵᠤ᠂ ᠴᠠᠭᠳᠠᠭᠠᠨ ᠤ ᠬᠤᠸᠠᠷᠠᠨ ᠤ ᠬᠠᠯᠠᠭᠤᠨ ᠳᠤᠯᠠᠭᠠᠨ ᠠᠭᠤᠷ ᠠᠮᠢᠰᠬᠤᠯ ᠢ | ᠪᠡᠶ᠎ᠡ ᠪᠠᠷ ᠢᠶᠠᠨ ᠮᠡᠳᠡᠷᠡᠭᠦᠯᠵᠦ᠂ ᠵᠣᠯ ᠵᠢᠷᠭᠠᠯ ᠪᠠ ᠪᠠᠶᠠᠷ ᠪᠠᠶᠠᠰᠤᠯ ᠢ ᠬᠠᠮᠲᠤᠪᠠᠷ ᠡᠳ᠋ᠯᠡᠭᠦᠯᠪᠡ᠃ ᠲᠣᠰ ᠤᠳᠠᠭᠠᠨ ᠤ | ᠠᠵᠢᠯᠯᠠᠭ᠎ᠠ ᠨᠢ ︽ᠪᠥᠬᠦ ᠠᠵᠢᠯᠲᠠᠨ ᠪᠠ ᠬᠡᠷ ᠪᠦᠯᠢ ᠶᠢᠨ ᠠᠶᠢᠯᠴᠢᠯᠠᠯᠲᠠ︾ ᠶᠢᠨ ᠠᠵᠢᠯ ᠢ ᠭᠦᠨᠵᠡᠭᠡᠶᠢᠷᠡᠭᠦᠯᠬᠦ ᠠᠷᠭ᠎ᠠ | ᠬᠡᠮᠵᠢᠶ᠎ᠡ ᠪᠣᠯᠤᠭᠰᠠᠨ ᠤ ᠬᠤᠪᠢ ᠳᠤ᠂ ᠠᠷᠠᠳ ᠤᠨ ᠴᠠᠭᠳᠠᠭ᠎ᠠ ᠶᠢᠨ ᠬᠡᠷ ᠪᠦᠯᠢ ᠶᠢᠨ ᠬᠢᠨ ᠳᠤ ᠴᠠᠭᠳᠠᠭᠠᠨ ᠤ ᠬᠤᠸᠠᠷᠠᠨ ᠤ | ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ︽ᠬᠦᠴᠢᠷᠳᠡᠯ ᠲᠠᠢ ᠪᠣᠯ ᠵᠣᠬᠢᠶᠠᠨ ᠪᠠᠶᠢᠭᠤᠯᠤᠯᠲᠠ | ᠶᠢ ᠡᠷᠢᠬᠦ︾ ᠶᠢ ᠠᠷᠠᠳ ᠤᠨ ᠴᠠᠭᠳᠠᠭ᠎ᠠ ᠵᠢᠴᠢ ᠬᠡᠷ ᠪᠦᠯᠢ ᠶᠢᠨ ᠨᠢᠭᠡᠳᠦᠭᠡᠷ ᠰᠣᠩᠭᠤᠯᠲᠠ ᠪᠣᠯᠭᠠᠪᠠ᠃ | | | ᠣᠯᠠᠨ ᠵᠢᠯ ᠤᠨ ᠲᠤᠷᠰᠢ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠴᠠᠭᠳᠠᠭ᠎ᠠ ᠶᠢᠨ ᠬᠤᠸᠠᠷᠠᠨ ᠤ ᠰᠣᠶᠣᠯ ᠢ ᠴᠢᠷᠮᠠᠶᠢᠨ ᠪᠣᠶ ᠪᠣᠯᠭᠠᠵᠤ᠂ ︽ᠡᠷᠢᠶᠡᠨ ᠬᠤᠲᠠ ᠶᠢᠨ | ᠬᠢᠯᠢ ᠶᠢᠨ ᠪᠠᠶᠢᠴᠠᠭᠠᠯᠲᠠ︾ ᠶᠢᠨ ᠴᠠᠭᠳᠠᠭᠠᠨ ᠤ ᠡᠵᠡᠩᠨᠡᠯᠲᠡ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠵᠤ᠂ ᠴᠠᠭᠳᠠᠭᠠᠨ ᠤ ᠰᠡᠳᠬᠢᠯ ᠢ ᠨᠢᠭᠲᠠᠷᠠᠭᠤᠯᠤᠨ᠂ ᠴᠡᠷᠢᠭ ᠤᠨ ᠵᠣᠷᠢᠭ ᠢ ᠬᠥᠪᠴᠢᠯᠡᠵᠦ᠂ ︽ᠵᠢᠷᠭᠤᠭᠠᠨ ᠰᠠᠷ᠎ᠠ ᠶᠢᠨ | ᠨᠢᠭᠡᠨ ᠤ ᠡᠴᠢᠭᠡ ᠡᠬᠡ ᠬᠡᠤᠬᠡᠳ ᠤᠨ ᠠᠵᠢᠯᠯᠠᠭ᠎ᠠ︾᠂ ︽ᠴᠠᠭᠳᠠᠭᠠᠨ ᠤ ᠬᠤᠸᠠᠷᠠᠨ ᠤ ᠨᠡᠭᠡᠭᠡᠯᠲᠡ ᠶᠢᠨ ᠡᠳᠦᠷ︾᠂ ︽ | ᠬᠢᠯᠢ ᠢᠶᠠᠨ ᠮᠠᠨᠠᠵᠦ ᠬᠠᠮᠠᠭᠠᠯᠠᠵᠦ᠂ ᠤᠯᠤᠰ ᠤᠨ ᠡᠭᠦᠳᠡᠨ ᠤ ᠬᠠᠮᠲᠤ ᠶᠢᠨ ᠬᠤᠷᠢᠮ︾ ᠵᠡᠷᠭᠡ ᠰᠣᠶᠣᠯ ᠤᠨ ᠨᠠᠷᠠᠲᠤ ᠲᠥᠷᠥᠯ | ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠪᠠᠶᠠᠷ ᠬᠥᠷ ᠲᠠᠢ ᠠᠵᠢᠯᠯᠠᠬᠤ᠂ ᠵᠣᠯ ᠵᠢᠷᠭᠠᠯᠲᠤ | ᠠᠮᠢᠳᠤᠷᠠᠯ︾ ᠵᠡᠷᠭᠡ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠡᠬᠢ ᠪᠠᠶᠠᠯᠢᠭ ᠰᠠᠶᠢᠬᠠᠨ ᠠᠷᠭ᠎ᠠ | ᠬᠡᠮᠵᠢᠶ᠎ᠡ ᠪᠠᠷ ᠡᠩᠨᠡᠭᠡ ᠶᠢᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠪᠠ ᠳᠠᠶᠢᠴᠢᠨ ᠬᠦᠴᠦᠨ ᠢ ᠬᠥᠭᠵᠢᠭᠡᠪᠡ᠃ |