【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠲᠦᠷᠦᠭᠦᠤ 5 ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠠᠷᠠᠯᠵᠢᠶᠠᠨ ᠤ ᠬᠡᠮᠵᠢᠶ᠎ᠡ ᠲᠣᠭᠲᠠᠭᠤᠨ ᠰᠠᠶᠢᠵᠢᠷᠠᠬᠤ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2023/6/15
    ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 5 ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 166.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 86.7% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠣᠷᠣᠭᠤᠯᠤᠯᠲᠠ 97.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 84.79% ᠨᠡᠮᠡᠭᠳᠡᠵᠦ᠂ ᠭᠠᠳᠠᠭᠠᠳᠤ ᠭᠠᠷᠭᠠᠯᠲᠠ 69.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.44% ᠨᠡᠮᠡᠭᠳᠡᠪᠡ᠃  
   ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠵᠡᠰ ᠤᠨ ᠬᠦᠳᠡᠷ ᠤᠨ ᠬᠠᠶᠢᠷ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠲᠠᠸᠠᠷ ᠢ ᠭᠠᠳᠠᠭᠠᠳᠤ ᠠᠴᠠ ᠣᠷᠣᠭᠤᠯᠬᠤ ᠳᠤ ᠴᠥᠮ ᠨᠡᠮᠡᠭᠳᠡᠯ ᠤᠨ ᠪᠠᠶᠢᠳᠠᠯ ᠢᠯᠡᠷᠡᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠷᠳᠡᠭ ᠢ ᠳᠠᠬᠢᠨ ᠢᠶᠠᠷ ᠨᠡᠮᠡᠭᠳᠡᠭᠦᠯᠬᠦ ᠬᠠᠨᠳᠤᠰᠢ ᠲᠠᠢ ᠪᠣᠯᠭᠠᠪᠠ᠃    ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠠᠷᠤᠭ᠎ᠠ ᠯᠢᠦ ᠵᠢᠶᠠᠨ ᠬᠡᠯᠡᠭᠰᠡᠨ ᠨᠢ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠵᠡᠶ᠃    ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠲᠠ ︽ᠲᠠᠪᠤᠨ ᠶᠡᠭᠡ ᠡᠭᠦᠷᠭᠡ︾ ᠶᠢᠨ ᠠᠮᠵᠢᠯᠲᠠ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ᠂ ᠪᠣᠭᠤᠮᠲᠠ ᠪᠠᠷ ᠥᠩᠭᠡᠷᠡᠬᠦ ᠳᠤ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号