ᠬᠤᠵᠢᠷᠯᠢᠭ ᠭᠠᠵᠠᠷ ᠢ ︽ᠰᠡᠷᠭᠦᠭᠡᠬᠦ︾︕ ᠮᠠᠨ ᠤ ᠬᠤᠲᠠ ᠶᠢᠨ ᠬᠤᠵᠢᠷᠯᠢᠭ ᠬᠦᠷᠦᠰᠦᠨ ᠤ ᠬᠤᠵᠢᠷ ᠤᠨ ᠲᠤᠷᠰᠢᠯᠲᠠ ᠬᠢᠵᠦ ᠲᠠᠷᠢᠬᠤ ᠲᠥᠷᠥᠯ ᠵᠦᠢᠯ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2023/6/16
    ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠯᠲᠠ᠂ ᠦᠯᠢᠭᠡᠷ ᠠᠪᠴᠤ ᠰᠤᠳᠤᠯᠬᠤ ᠪᠠᠷ ᠳᠡᠮᠵᠢᠨ᠂ ᠳᠤᠮᠳᠠᠳᠤ ᠤᠯᠤᠰ ᠤᠨ ᠬᠤᠲᠠ ᠶᠢᠨ ᠬᠤᠳᠠᠯᠳᠤᠭᠠᠨ ᠤ ᠲᠣᠣᠷ ᠴᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠣᠭᠠᠲᠤ ᠬᠤᠷᠠᠯ ᠠᠴᠠ ᠮᠠᠨ ᠤ ᠬᠤᠲᠠ ᠳᠤ ᠠᠯᠪᠠᠨ ᠵᠢᠷᠤᠮ ᠤᠨ ᠬᠤᠵᠢᠷᠯᠢᠭ ᠬᠦᠷᠦᠰᠦᠨ ᠤ ᠲᠤᠷᠰᠢᠯᠲᠠ ᠶᠢᠨ ᠲᠠᠷᠢᠶᠠᠨ ᠤ ᠲᠥᠷᠥᠯ ᠵᠦᠢᠯ ᠢ ᠥᠷᠨᠢᠭᠦᠯᠵᠦ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠪᠠᠷ ᠲᠣᠭᠲᠠᠪᠠ᠃ 6 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠱᠠᠲᠤᠨ ᠤ ᠣᠶ ᠰᠢᠭᠤᠶ ᠶᠢᠨ ᠳᠡᠳ᠋ ᠳᠠᠷᠤᠭ᠎ᠠ ᠶᠠᠩ ᠶᠢᠨ ᠷᠦᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠳᠠᠪᠤᠰᠤᠨ ᠨᠠᠭᠤᠷ ᠤᠨ ᠣᠷᠣᠨ ᠳᠤ ᠭᠦᠨᠵᠡᠭᠡᠶᠢᠷᠡᠵᠦ᠂ ᠲᠥᠷᠥᠯ ᠵᠦᠢᠯ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠠ
   ᠲᠤᠬᠠᠶ ᠶᠢᠨ ᠡᠳᠦᠷ᠂ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠵᠢᠯᠣᠭᠤᠳᠣᠯᠭ᠎ᠠ ᠳᠣᠤᠷ᠎ᠠ᠂ ᠮᠠᠨ ᠤ ᠬᠤᠲᠠ ᠬᠤᠵᠢᠷᠰᠢᠭᠰᠠᠨ ᠭᠠᠵᠠᠷ ᠳᠡᠭᠡᠷ᠎ᠡ ᠬᠤᠵᠢᠷᠰᠢᠭᠰᠠᠨ ᠲᠤᠷᠰᠢᠯᠲᠠ ᠬᠢᠵᠡᠶ᠃ ᠬᠥᠷᠥᠰᠥ ᠰᠢᠷᠣᠶ ᠶᠢᠨ ᠭᠠᠳᠠᠷᠭᠤ ᠶᠢᠨ ᠬᠤᠵᠢᠷ ᠤᠨ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠵᠤ᠂ ᠣᠷᠭᠠᠨᠢᠭ ᠪᠣᠳᠠᠰ ᠤᠨ ᠠᠭᠤᠯᠤᠭᠳᠠᠴᠠ ᠶᠢ ᠨᠡᠮᠡᠭᠳᠡᠭᠦᠯᠦᠨ᠂ ᠬᠥᠷᠥᠰᠥ ᠰᠢᠷᠣᠶ ᠶᠢᠨ ᠠᠮᠢᠳᠤ ᠪᠣᠳᠠᠰ ᠤᠨ ᠢᠳᠡᠪᠬᠢᠵᠢᠯ ᠢ ᠬᠥᠭᠵᠢᠭᠡᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠲᠦᠷᠭᠡᠨ ᠰᠠᠶᠢᠵᠢᠷᠠᠭᠤᠯᠵᠤ᠂ ᠥᠩᠭᠡᠷᠡᠭᠰᠡᠨ ᠤ ᠬᠤᠵᠢᠷᠯᠢᠭ ᠭᠠᠵᠠᠷ ᠢ ᠠᠵᠤ ᠠᠬᠤᠶ ᠶᠢᠨ ᠲᠠᠷᠢᠮᠠᠯ ᠳᠠᠷᠢᠵᠤ ᠳᠡᠶᠢᠯᠬᠦ ᠪᠣᠯᠭᠠᠨ ᠬᠤᠪᠢᠷᠠᠭᠤᠯᠤᠨ᠂ ᠲᠡᠭᠦᠨ ᠢ ᠠᠮᠢᠯᠠᠭᠤᠯᠬᠤ ᠬᠡᠷᠡᠭᠲᠡᠶ᠃
   ᠮᠠᠨ ᠤ ᠬᠤᠲᠠ ᠳᠤᠮᠳᠠ ᠳᠤᠯᠠᠭᠠᠨ ᠪᠦᠰᠡ ᠶᠢᠨ ᠡᠬᠡ ᠬᠠᠭᠤᠷᠠᠶ ᠶᠢᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠪᠠ ᠭᠠᠩ ᠬᠠᠭᠤᠷᠠᠶ ᠶᠢᠨ ᠡᠯᠡᠰᠦᠨ ᠴᠦᠯ ᠤᠨ ᠠᠭᠤᠷ ᠠᠮᠢᠰᠬᠤᠯ ᠳᠤ ᠬᠠᠷᠢᠶᠠᠯᠠᠭᠳᠠᠵᠤ᠂ ᠦᠷᠭᠦᠯᠵᠢ ᠶᠡᠭᠡ ᠰᠠᠯᠬᠢ᠂ ᠡᠯᠡᠰᠦᠨ ᠰᠢᠭᠤᠷᠭ᠎ᠠ ᠵᠡᠷᠭᠡ ᠣᠨᠴᠠᠭᠠᠢ ᠴᠠᠭ ᠠᠭᠤᠷ ᠤᠨ ᠪᠠᠶᠢᠳᠠᠯ ᠢᠯᠡᠷᠡᠳᠡᠭ᠂ ᠡᠭᠦᠨ ᠤ ᠳᠡᠭᠡᠷ᠎ᠡ ᠬᠤᠵᠢᠷᠯᠢᠭ ᠭᠠᠵᠠᠷ ᠤᠨ ᠬᠥᠷᠥᠰᠥ ᠰᠢᠷᠣᠶ ᠶᠢᠨ ᠬᠤᠵᠢᠷ ᠤᠨ ᠬᠡᠮᠵᠢᠶ᠎ᠡ ᠨᠡᠯᠢᠶᠡᠳ ᠥᠨᠳᠥᠷ ᠪᠠᠶᠢᠵᠤ᠂ ᠤᠷᠭᠤᠮᠠᠯ ᠤᠨ ᠬᠤᠴᠢᠯᠭ᠎ᠠ ᠤᠷᠭᠤᠬᠤ ᠳᠤ ᠬᠦᠴᠢᠷᠲᠡᠶ ᠪᠠᠶᠢᠳᠠᠭ᠃    ᠲᠠᠴᠢᠷ ᠭᠠᠵᠠᠷ ᠰᠢᠷᠣᠢ ᠳᠤ ᠠᠮᠢᠵᠢᠷᠠᠯ ᠤᠨ ᠬᠦᠴᠦᠨ ᠢ ᠪᠦᠲᠦᠮᠵᠢᠲᠡᠢ ᠪᠠᠳᠠᠷᠠᠭᠤᠯᠬᠤ ᠨᠢ ᠲᠦᠷ ᠴᠠᠭ ᠤᠨ  ᠠᠵᠢᠯᠯᠠᠭ᠎ᠠ ᠪᠢᠰᠢ᠂ ᠬᠠᠷᠢᠨ ᠥᠨᠢ ᠤᠳᠠᠭᠠᠨ ᠴᠢᠷᠮᠠᠶᠢᠬᠤ ᠬᠡᠷᠡᠭᠲᠡᠢ᠃ ᠣᠳᠣᠬᠠᠨ ᠳᠤ᠂ ᠬᠤᠵᠢᠷᠯᠢᠭ ᠲᠠᠷᠢᠶ᠎ᠠ ᠲᠠᠷᠢᠬᠤ ᠲᠤᠷᠰᠢᠯᠲᠠ ᠶᠢᠨ ᠲᠥᠷᠥᠯ ᠵᠦᠢᠯ ᠶᠠᠭ ᠲᠣᠭᠲᠠᠭᠤᠨ ᠢᠶᠠᠷ ᠠᠬᠢᠵᠤ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号