【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠭᠤᠷᠪᠠᠨ ᠤ ᠬᠤᠶᠠᠷ ᠬᠤᠪᠢ ᠠᠴᠠ ᠳᠠᠪᠠᠵᠠᠢ︕ ᠡᠷᠢᠶᠡᠨ ᠪᠣᠭᠤᠮᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠡᠵᠡᠯᠡᠬᠦ ᠬᠠᠷᠢᠴᠠᠯ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2023/6/16
     ᠡᠨᠡ ᠵᠢᠯ ᠤᠨ ᠲᠦᠷᠦᠭᠦᠦ 5 ᠰᠠᠷ᠎ᠠ ᠳᠤ᠂ ᠡᠷᠢᠶᠡᠨ ᠪᠣᠭᠤᠮᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠬᠡᠮᠵᠢᠶ᠎ᠡ 115.15 ᠳ᠋ᠦᠩᠱᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 117.18 ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠶᠡᠷᠦᠩᠬᠡᠢ ᠥᠷᠲᠡᠭ ᠤᠨ 68.96 ᠶᠢ ᠡᠵᠡᠯᠡᠵᠦ᠂ ᠡᠵᠡᠯᠡᠬᠦ ᠬᠠᠷᠢᠴᠠᠯ ᠨᠢ ᠭᠤᠷᠪᠠᠨ ᠤ ᠬᠤᠶᠠᠷ ᠢ ᠳᠠᠪᠠᠭᠰᠠᠨ ᠪᠠᠢᠨ᠎ᠠ    
   ᠣᠶᠢᠷ᠎ᠠ ᠶᠢᠨ ᠵᠢᠯ ᠳᠤ᠂ ᠮᠠᠨ ᠤ ᠬᠤᠲᠠ ᠳᠡᠭᠡᠳᠦ ᠱᠠᠲᠤᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡ᠂ ᠴᠢᠳᠠᠪᠤᠷᠢᠲᠠᠨ ᠵᠡᠷᠭᠡ ᠲᠠᠯ᠎ᠠ ᠪᠠᠷ ᠦᠢᠯᠡᠴᠢᠯᠡᠭᠡ ᠬᠠᠩᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃    
  ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠠᠵᠢᠯᠲᠠᠨ ᠱᠢ ᠬᠤᠩ ᠸᠧᠶ ᠢᠯᠡᠷᠬᠡᠶᠢᠯᠡᠬᠦ ᠳᠡᠭᠡᠨ᠂ ᠪᠣᠭᠤᠮᠲᠠ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠥᠷᠭᠡᠨ ᠤᠯᠠᠨ ᠡᠬᠢ ᠪᠠᠶᠠᠯᠢᠭ ᠤᠨ ᠲᠦᠷᠦᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ ᠪᠣᠭᠤᠮᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ ᠭᠡᠵᠡᠶ᠃    ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠢ ᠭᠤᠣᠯᠳᠠᠭᠤ ᠬᠢᠯᠢ ᠶᠢᠨ ᠪᠠᠭ᠎ᠠ ᠬᠡᠮᠵᠢᠶᠡᠨ ᠤ ᠪᠠ ᠡᠩ ᠤᠨ ᠠᠷᠠᠯᠵᠢᠶ᠎ᠠ ᠪᠠᠷ ᠭᠤᠣᠯ ᠪᠣᠯᠭᠠᠵᠤ᠂ ᠭᠠᠳᠠᠭᠠᠳᠤ ᠠᠴᠠ ᠣᠷᠣᠭᠤᠯᠬᠤ ᠳᠤ ᠡᠬᠢ ᠪᠠᠶᠠᠯᠢᠭ ᠤᠨ ᠬᠡᠯᠪᠡᠷᠢ ᠶᠢᠨ ᠲᠠᠸᠠᠷ ᠢᠶᠠᠷ ᠭᠤᠣᠯ ᠪᠣᠯᠭᠠᠵᠤ᠂ ᠭᠠᠳᠠᠭᠠᠳᠤ ᠳᠤ ᠭᠠᠷᠭᠠᠬᠤ ᠳᠤ ᠮᠠᠰᠢᠨ ᠴᠠᠬᠢᠯᠭᠠᠨ ᠤ ᠦᠢᠯᠡᠳᠬᠦᠨ᠂ ᠨᠡᠬᠡᠮᠡᠯ ᠬᠤᠪᠴᠠᠰᠤ ᠵᠡᠷᠭᠡ ᠪᠠᠷ ᠭᠤᠣᠯ ᠪᠣᠯᠭᠠᠵᠤ ᠪᠠᠶᠢᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠦᠬᠦ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠶᠠᠷ ᠲᠥᠯᠥᠭᠡᠯᠡᠭᠦᠯᠦᠭᠰᠡᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠳᠠᠲᠤ ᠴᠣᠭᠴᠠ ᠮᠣᠩᠭᠤᠯ ᠣᠷᠣᠰ ᠤᠨ ᠠᠷᠠᠯᠵᠢᠶᠠᠨ ᠤ ᠭᠦᠢᠴᠡᠳᠬᠡᠬᠦ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠠᠮᠢᠵᠢᠷᠠᠯ ᠤᠨ ᠬᠦᠴᠦᠨ ᠨᠡᠮᠡᠭᠳᠡᠬᠦ ᠰᠠᠶᠢᠨ ᠰᠠᠶᠢᠬᠠᠨ ᠠᠵᠢᠯᠯᠠᠭᠠᠨ ᠤ ᠪᠠᠶᠢᠳᠠᠯ ᠢᠯᠡᠷᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号