【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】15 ᠲᠦᠮᠡᠨ ᠪᠠᠷᠢᠮᠵᠢᠶᠠᠲᠤ ᠬᠠᠶᠢᠷᠴᠠᠭ ᠢ ᠳᠠᠪᠠ︕ ᠡᠷᠢᠶᠡᠨ ᠪᠣᠭᠤᠮᠲᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠳᠤ ᠬᠦᠴᠦᠨ ᠨᠡᠮᠡᠷᠢᠯᠡᠵᠦ ᠬᠤᠷᠳᠤᠴᠠ ᠪᠠᠨ ᠳᠦᠷᠭᠡᠳᠬᠡᠪᠡ
ᠨᠡᠶᠢᠲᠡᠯᠡᠭᠰᠡᠨ ᠴᠠᠭ᠄
2023/6/16
    ᠣᠶᠢᠷ᠎ᠠ ᠳᠤ᠂ ᠡᠯᠧᠺᠲ᠋ᠣᠷᠣᠨ ᠦᠢᠯᠡᠳᠬᠦᠨ ᠪᠠ ᠮᠧᠬᠠᠨᠢᠭ ᠤᠨ ᠰᠡᠯᠪᠢᠭ ᠲᠣᠨᠤᠭ ᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠤᠯᠤᠰ ᠤᠨ ᠡᠭᠦᠳᠡᠨ ᠠᠴᠠ ᠭᠠᠷᠪᠠ᠂ ᠡᠨᠡ ᠨᠢ ᠡᠨᠡ ᠵᠢᠯ  ᠤᠨ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 15 ᠲᠦᠮᠡᠨ ᠪᠠᠷᠢᠮᠵᠢᠶᠠᠲᠤ ᠬᠠᠶᠢᠷᠴᠠᠭ ᠢ ᠳᠠᠪᠠᠭᠰᠠᠨ ᠢ ᠬᠠᠷᠠᠭᠤᠯᠵᠤ ᠪᠠᠶᠢᠨ᠎ᠠ᠃    
  ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠬᠤᠷᠳᠤᠴᠠ ᠶᠢ ᠲᠦᠷᠭᠡᠳᠬᠡᠬᠦ ᠳᠤ ᠨᠠᠩ ᠰᠠᠶᠢᠨ ᠬᠦᠴᠦᠨ ᠨᠡᠮᠡᠷᠢᠯᠡᠬᠦ ᠶᠢᠨ ᠳᠣᠯᠠᠳᠠ᠂ ᠡᠷᠢᠶᠡᠨ ᠲᠡᠮᠦᠷ ᠵᠠᠮ ᠤᠨ ᠲᠡᠷᠭᠡᠨ ᠥᠷᠲᠡᠭᠡ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠲᠡᠭᠡᠭᠡᠪᠦᠷᠢ ᠶᠢᠨ ᠵᠠᠩᠭᠢᠯᠠᠭ᠎ᠠ ᠶᠢᠨ ᠴᠢᠭ ᠢ ᠴᠢᠷᠮᠠᠶᠢᠨ ᠨᠡᠪᠲᠡᠷᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠠᠴᠢᠶᠠᠯᠠᠵᠤ ᠪᠠᠭᠤᠯᠭᠠᠬᠤ ᠠᠵᠢᠯ ᠤᠨ ᠵᠠᠮ ᠱᠤᠭᠤᠮ ᠢ ᠰᠠᠶᠢᠲᠤᠷ ᠬᠡᠷᠡᠭᠯᠡᠵᠦ᠂ ︽ᠤᠷᠢᠳ ᠢᠶᠠᠷ ᠵᠣᠬᠢᠶᠠᠨ ᠪᠠᠶᠢᠭᠤᠯᠵᠤ᠂ ᠤᠷᠢᠳ ᠢᠶᠠᠷ ᠭᠦᠢᠴᠡᠳᠬᠡᠵᠦ᠂ ᠤᠷᠢᠳ ᠢᠶᠠᠷ ᠲᠤᠰᠢᠶᠠᠵᠤ ᠬᠦᠯᠢᠶᠡᠨ ᠠᠪᠬᠤ︾ ᠶᠢ ᠪᠠᠷᠢᠮᠲᠠᠯᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠴᠢᠩᠭᠡᠯᠢᠭ ᠤᠨ ᠠᠴᠢᠶᠠᠯᠠᠵᠤ ᠪᠠᠭᠤᠯᠭᠠᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃    
   ᠡᠭᠦᠨ ᠤ ᠬᠠᠮᠲᠤ᠂ ᠮᠣᠩᠭᠤᠯ ᠤᠨ ᠲᠠᠯ᠎ᠠ ᠶᠢᠨ ᠲᠡᠮᠦᠷ ᠵᠠᠮ ᠵᠢᠴᠢ ᠭᠠᠶᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠬᠠᠮᠲᠤᠷᠠᠨ ᠪᠠᠶᠢᠴᠠᠭᠠᠬᠤ ᠨᠢᠭᠡᠴᠢ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠢᠳᠡᠪᠬᠢᠲᠡᠶ ᠴᠢᠩᠭᠠᠳᠬᠠᠵᠤ᠂ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠴᠠᠭᠠᠨ ᠰᠢᠯᠭᠠᠵᠤ ᠨᠡᠪᠲᠡᠷᠡᠭᠦᠯᠬᠦ ᠴᠠᠭ ᠢ ᠪᠣᠭᠤᠨᠢᠰᠬᠠᠵᠤ᠂ ︽ᠰᠠᠭᠠᠳ ᠥᠬᠡᠶ ᠨᠡᠪᠲᠡᠷᠡᠬᠦ ᠵᠠᠮ︾ ᠢ ᠪᠥᠬᠦ ᠬᠦᠴᠦᠨ ᠢᠶᠠᠷ ᠢᠶᠠᠨ ᠰᠠᠭᠠᠳ ᠥᠬᠡᠶ ᠨᠡᠪᠲᠡᠷᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠳᠥᠭᠦᠮ ᠳᠥᠲᠡ ᠪᠣᠭᠤᠮᠲᠠ ᠪᠠᠷ ᠥᠩᠭᠡᠷᠡᠬᠦ ᠶᠢ ᠪᠠᠲᠤᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号