ᠮᠠᠨ ᠤ ᠬᠤᠲᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠡᠯᠡ ᠮᠥᠩᠭᠦ ᠲᠠᠷᠬᠠᠭᠠᠬᠤ ᠵᠢᠴᠢ ᠮᠠᠯᠴᠢᠳ ᠤᠨ ᠲᠥᠯᠥᠭᠡᠯᠡᠭᠴᠢᠳ ᠤᠨ ᠲᠤᠬᠠᠶ ᠶᠢᠨ ᠭᠠᠵᠠᠷ ᠤᠨ ᠶᠠᠷᠢᠯᠴᠠᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2023/6/19
    ᠣᠳᠣᠬᠠᠨ ᠤ ᠭᠠᠩ ᠤᠨ ᠪᠠᠶᠢᠳᠠᠯ ᠳᠤ ᠴᠢᠭᠯᠡᠭᠦᠯᠦᠨ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠳᠣᠯᠠᠳᠠ᠂ 6 ᠰᠠᠷ᠎ᠠ ᠶᠢᠨ 16 ᠤ ᠡᠳᠦᠷ᠂ ᠮᠠᠨ ᠤ ᠬᠤᠲᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠᠯᠠ ᠮᠥᠩᠭᠦ ᠶᠢ ᠲᠠᠷᠬᠠᠭᠠᠬᠤ ᠵᠢᠴᠢ ᠮᠠᠯᠴᠢᠳ ᠤᠨ ᠲᠥᠯᠥᠭᠡᠯᠡᠭᠴᠢᠳ ᠤᠨ ᠲᠤᠬᠠᠶ ᠶᠢᠨ ᠭᠠᠵᠠᠷ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠳ᠋ᠦᠩ ᠱᠧᠩ ᠣᠷᠣᠯᠴᠠᠪᠠ᠃
   ᠬᠤᠷᠠᠯ ᠠᠴᠠ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠲᠠᠶᠢᠴᠢᠯᠠᠨ ᠬᠠᠮᠲᠤ ᠪᠠᠷ ᠬᠦᠴᠦᠯᠡᠵᠦ᠂ ᠮᠠᠯᠴᠢᠳ ᠤᠨ ᠬᠦᠴᠢᠷ ᠢ ᠲᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠶᠢ ᠢᠳᠡᠪᠬᠢᠲᠡᠢ ᠬᠠᠩᠭᠠᠵᠤ᠂ ᠮᠠᠯᠴᠢᠨ ᠲᠦᠮᠡᠨ ᠤ ᠢᠳᠡᠪᠬᠢᠵᠢᠯ ᠪᠣᠯᠤᠨ ᠪᠡᠶᠡᠴᠢ ᠴᠢᠳᠠᠮᠠᠭᠠᠢ ᠴᠢᠨᠠᠷ ᠢ ᠭᠦᠢᠴᠡᠳ ᠲᠠᠶᠢᠴᠢᠯᠠᠨ᠂ ᠥᠪᠡᠷ ᠢ ᠪᠠᠨ ᠠᠪᠤᠷᠠᠬᠤ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠡᠷᠲᠡ ᠵᠠᠷᠤᠬᠤ᠂ ᠢᠯᠡᠭᠦᠦ ᠭᠠᠷᠭᠠᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠨᠤᠲᠤᠭ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ ᠲᠦᠭᠰᠢᠭᠦᠷᠢ ᠶᠢ ᠪᠠᠭᠠᠰᠬᠠᠵᠤ᠂ ᠬᠤᠬᠢᠷᠠᠯ ᠢ ᠦᠨᠡᠨᠬᠦ ᠪᠠᠭᠠᠰᠬᠠᠬᠤ ᠬᠡᠷᠡᠭᠲᠡᠢ ᠭᠡᠪᠡ᠃
  ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠮᠠᠯᠴᠢᠳ ᠤᠨ ᠭᠠᠩ ᠬᠠᠭᠰᠠᠷᠠᠭᠠᠨ ᠲᠠᠢ ᠲᠡᠮᠡᠴᠡᠬᠦ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠵᠤ᠂ ᠭᠠᠩ ᠤᠨ ᠪᠠᠶᠢᠳᠠᠯ ᠢ ᠣᠨᠣᠪᠴᠢᠲᠠᠶ ᠣᠶᠢᠯᠠᠭᠠᠪᠠ᠃    ᠣᠶᠢᠯᠠᠭᠠᠭᠰᠠᠨ ᠢᠶᠠᠷ᠂ ᠮᠠᠯᠴᠢᠳ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠬᠦ ᠶᠢᠨ ᠳᠣᠯᠠᠳᠠ᠂ 4 ᠰᠠᠷ᠎ᠠ ᠶᠢᠨ ᠡᠬᠢ ᠪᠠᠷ᠂ ᠮᠠᠨ ᠤ ᠬᠤᠲᠠ 2023 ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 1044.36 ᠲᠦᠮᠡᠨ ᠲᠥᠭᠦᠷᠢᠭ ᠤᠷᠢᠳᠴᠢᠯᠠᠨ ᠲᠠᠷᠬᠠᠭᠠᠭᠰᠠᠨ ᠪᠥᠭᠡᠳ ᠡᠨᠡ ᠵᠢᠯ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠨᠥᠬᠦᠪᠥᠷᠢ ᠶᠢ 502.16 ᠲᠦᠮᠡᠨ ᠲᠥᠭᠦᠷᠢᠭ ᠲᠠᠷᠬᠠᠭᠠᠪᠠ᠃ 6 ᠰᠠᠷ᠎ᠠ ᠳᠤ ᠭᠠᠩ ᠬᠠᠭᠰᠠᠷᠠᠭᠠᠨ ᠤ ᠪᠠᠶᠢᠳᠠᠯ ᠦᠷᠭᠦᠯᠵᠢᠯᠡᠵᠦ᠂ ᠮᠠᠨ ᠤ ᠬᠤᠲᠠ ᠭᠤᠷᠪᠠᠳᠤᠭᠠᠷ ᠳᠡᠰ ᠤᠨ ᠰᠡᠷᠡᠮᠵᠢᠯᠡᠭᠦᠯᠦᠯ ᠢ ᠦᠳᠲᠡᠷ ᠲᠦᠷᠭᠡᠨ ᠡᠬᠢᠯᠡᠭᠦᠯᠪᠡ᠃ ᠣᠯᠠᠨ ᠲᠠᠯ᠎ᠠ ᠠᠴᠠ ᠲᠡᠮᠡᠴᠡᠨ ᠣᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠡᠯᠡ ᠮᠥᠩᠭᠦ ᠶᠢ 294 ᠲᠦᠮᠡᠨ ᠲᠥᠭᠦᠷᠢᠭ ᠴᠤᠭᠯᠠᠭᠤᠯᠬᠤ ᠶᠢᠨ ᠬᠠᠮᠲᠤ ᠮᠦ ᠪᠦᠷᠢ ᠳᠤ 0.65 ᠲᠥᠭᠦᠷᠢᠭ ᠤᠨ ᠨᠥᠬᠦᠪᠥᠷᠢ ᠶᠢᠨ ᠪᠠᠷᠢᠮᠵᠢᠶ᠎ᠠ ᠶᠣᠰᠣᠭᠠᠷ᠂ 4 ᠮᠠᠯᠵᠢᠬᠤ ᠭᠠᠴᠠᠭᠠᠨ ᠤ ᠮᠠᠯᠴᠢᠳ ᠲᠤ ᠦᠳᠲᠡᠷ ᠲᠦᠷᠭᠡᠨ ᠲᠠᠷᠬᠠᠭᠠᠨ ᠥᠭᠴᠦ᠂ ᠮᠠᠯᠵᠢᠬᠤ ᠡᠷᠦᠬᠡ ᠶᠢᠨ ᠡᠪᠡᠰᠦ ᠪᠣᠷᠳᠤᠭ᠎ᠠ ᠨᠥᠭᠡᠴᠡᠯᠡᠬᠦ ᠪᠡᠯᠡ ᠮᠥᠩᠭᠦ ᠶᠢᠨ ᠳᠠᠷᠤᠯᠲᠠ ᠶᠢ ᠦᠨᠡᠨ ᠬᠦ ᠬᠥᠩᠭᠡᠷᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号