| 5 ᠰᠠᠷ᠎ᠠ ᠶᠢᠨ 31 ᠤ ᠡᠳᠦᠷ᠂ ᠮᠠᠨ ᠤ ᠬᠤᠲᠠ ᠶᠢᠨ 17 ᠳ᠋ᠤᠭᠠᠷ ᠬᠤᠭᠤᠴᠠᠭᠠᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠬᠡᠤᠬᠡᠳ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠴᠢ ︽6 · 1︾ ᠤ | ᠬᠥᠬᠢᠭᠦᠯᠦᠨ ᠰᠠᠶᠢᠰᠢᠶᠠᠬᠤ ᠠᠵᠢᠯᠯᠠᠭ᠎ᠠ ᠬᠤᠲᠠ ᠶᠢᠨ ᠰᠤᠷᠲᠠᠯ ᠤᠬᠠᠭᠤᠯᠭ᠎ᠠ ᠰᠣᠶᠣᠯ ᠤᠨ ᠲᠥᠪ ᠲᠤ ᠶᠠᠪᠤᠭᠳᠠᠪᠠ᠃ | ᠬᠤᠳᠠ ᠶᠢᠨ ᠤᠳᠤᠷᠢᠳᠤᠯᠭ᠎ᠠ ᠶᠠᠩ ᠶᠢᠨ ᠷᠦᠢ᠂ ᠸᠠᠩ ᠵᠢᠩ᠂ ᠸᠠᠩ ᠳ᠋ᠦᠩ ᠱᠧᠩ᠂ ᠨᠠᠷᠠᠰᠤ ᠠᠵᠢᠯᠯᠠᠭ᠎ᠠ ᠳᠤ ᠣᠷᠣᠯᠴᠠᠪᠠ | ᠃ | | | ᠲᠣᠰ ᠠᠵᠢᠯᠯᠠᠭ᠎ᠠ ᠳᠤ ᠮᠠᠨ ᠤ ᠬᠤᠲᠠ ᠶᠢᠨ 2022 - 2023 ᠰᠤᠷᠤᠯᠭ᠎ᠠ ᠶᠢᠨ ᠣᠨ ᠤ ᠤᠯᠠᠭᠠᠨ ᠪᠥᠴᠡᠲᠡᠨ ᠤ | ᠱᠠᠩᠨᠠᠯ ᠤᠨ ᠲᠡᠮᠳᠡᠭ ᠲᠠᠢ ᠬᠤᠶᠠᠳᠤᠭᠠᠷ ᠣᠳᠣᠨ ᠲᠠᠮᠠᠭ᠎ᠠ ᠶᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ | ᠨᠡᠶᠢᠲᠡᠯᠡᠵᠦ᠂ ᠰᠢᠯᠭᠠᠷᠠᠭᠤᠯᠵᠤ ᠭᠠᠷᠭᠠᠭᠰᠠᠨ 140 ᠬᠤᠪᠢ ᠬᠥᠮᠦᠨ ᠤ ᠬᠤᠶᠠᠳᠤᠭᠠᠷ ᠣᠳᠣᠨ ᠲᠡᠮᠳᠡᠭ᠂ 13 ᠳᠤᠮᠳᠠ | ᠠᠩᠭᠢ ᠪᠠ ᠶᠡᠭᠡ ᠠᠩᠭᠢ ᠶᠢ ᠬᠥᠬᠢᠭᠦᠯᠦᠨ ᠰᠠᠶᠢᠰᠢᠶᠠᠪᠠ︔ ᠡᠭᠦᠨ ᠤ ᠬᠠᠮᠲᠤ 2022 - 2023 ᠰᠤᠷᠤᠯᠭ᠎ᠠ ᠶᠢᠨ | ᠵᠢᠯ ᠳᠤ ᠪᠥᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 86 ᠭᠤᠷᠪᠠᠨ ᠰᠠᠶᠢᠨ ᠰᠣᠷᠣᠭᠴᠢ᠂ 26 ᠰᠢᠯᠢᠳᠡᠭ | ᠰᠣᠷᠣᠭᠴᠢ ᠺᠠᠳ᠋ᠷ ᠪᠠ 46 ᠲᠡᠷᠢᠭᠦᠨ ᠤ ᠠᠩᠭᠢ ᠶᠢᠨ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠭᠰᠠᠨ ᠪᠥᠭᠡᠳ ᠢᠷᠠᠭᠤ | ᠠᠯᠳᠠᠷ ᠤᠨ ᠦᠨᠡᠮᠯᠡᠯ ᠣᠯᠭᠤᠪᠠ᠃ | ᠬᠤᠲᠠ ᠶᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠤᠲᠠ ᠶᠢᠨ ᠲᠠᠰ ᠤᠨ ᠭᠤᠷᠪᠠᠨ ᠰᠠᠶᠢᠨᠲᠠᠶ ᠰᠣᠷᠣᠭᠴᠢ ᠬᠤᠸᠠᠩ | ᠱᠦᠩ᠄ ︽6 · 1 ᠤ ᠬᠡᠤᠬᠡᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠪᠢ ᠮᠠᠰᠢ ᠠᠵᠠ ᠵᠠᠪᠰᠢᠶᠠᠨ ᠢᠶᠠᠷ | ᠬᠤᠲᠠ ᠶᠢᠨ ᠲᠠᠰ ᠤᠨ ᠭᠤᠷᠪᠠᠨ ᠰᠠᠶᠢᠨ ᠰᠣᠷᠣᠭᠴᠢ ᠶᠢ ᠣᠯᠵᠠᠶ᠃ ᠪᠠᠭᠰᠢ ᠶᠢᠨ ᠮᠢᠨᠦ ᠴᠢᠩ ᠰᠡᠳᠬᠢᠯ ᠤᠨ ᠰᠤᠷᠭᠠᠯ ᠳᠤ | ᠲᠠᠯᠠᠷᠬᠠᠵᠤ ᠪᠠᠶᠢᠨ᠎ᠠ᠂ ᠬᠤᠶᠢᠰᠢᠳᠠ ᠶᠢᠨ ᠰᠤᠷᠤᠯᠴᠠᠯᠭ᠎ᠠ ᠶᠢᠨ ᠳᠤᠮᠳᠠ ᠪᠢ ᠲᠠᠰᠤᠷᠠᠯᠲᠠ ᠦᠭᠡᠢ ᠴᠢᠷᠮᠠᠶᠢᠵᠤ᠂ | ᠦᠷᠭᠦᠯᠵᠢᠯᠡᠨ ᠤᠷᠤᠭᠰᠢᠯᠠᠬᠤ ᠳᠠᠷᠪᠠᠭᠤᠯ ᠨᠠᠮᠢᠷᠠᠭᠤᠯᠤᠨ᠎ᠠ᠃︾ | | | | | ᠳᠠᠷᠠᠭ᠎ᠠ ᠨᠢ᠂ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠩᠬᠢᠨᠢ ᠪᠠᠷ ᠡᠬᠢᠯᠡᠪᠡ᠃ | ᠪᠥᠬᠦ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠳᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ | ᠱᠠᠩᠨᠠᠯ ᠭᠥᠷᠳᠡᠭᠰᠡᠨ ᠪᠥᠵᠢᠭ ︽ᠬᠦᠨᠳᠦᠳᠬᠡᠯ︾ ᠨᠢ ᠰᠡᠳᠬᠢᠯ ᠬᠥᠳᠡᠯᠬᠦ ᠬᠥᠭ ᠠᠶᠠᠰ᠂ ᠭᠤᠶᠢᠳᠠ ᠰᠠᠶᠢᠬᠠᠨ | ᠪᠥᠵᠢᠭ ᠢᠶᠠᠷ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠥᠷᠨᠢᠭᠦᠨ ᠳᠠᠪᠰᠢᠬᠤ᠂ ᠥᠪᠡᠷ ᠢ ᠪᠠᠨ | ᠬᠦᠴᠦᠷᠬᠡᠭᠵᠢᠭᠦᠯᠵᠦ ᠪᠡᠶ᠎ᠡ ᠪᠠᠨ ᠳᠠᠭᠠᠭᠠᠬᠤ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠰᠠᠶᠢᠨ ᠰᠠᠶᠢᠬᠠᠨ ᠣᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠶᠠᠪᠤᠭᠳᠠᠵᠠᠢ᠃ ᠮᠣᠷᠢᠨ ᠬᠤᠭᠤᠷ ᠤᠨ ᠬᠠᠮ ᠬᠥᠭᠵᠢᠮ ︽ᠴᠠᠭᠠᠨ ᠮᠣᠷᠢ︾᠂ ︽ | ᠬᠤᠪᠢᠰᠬᠠᠯᠲᠤ ᠬᠡᠦᠬᠡᠳ ᠤᠨ ᠦᠯᠢᠭᠡᠷ︾᠂ ᠤᠤᠭᠠᠯ ᠳᠠᠭᠤᠤ ︽ᠮᠢᠨᠦ ᠬᠠᠶᠢᠷᠠᠳᠠᠢ ᠬᠢᠯᠢ ᠶᠢᠨ ᠬᠤᠲᠠ ᠡᠷᠢᠶᠡᠨ︾ ᠵᠡᠷᠭᠡ | ᠭᠤᠶᠢᠳᠠ ᠰᠠᠶᠢᠬᠠᠨ ᠲᠣᠭᠯᠠᠯᠲᠠ ᠨᠢ ᠪᠣᠭᠤᠮᠲᠠ ᠶᠢᠨ ᠵᠠᠯᠠᠭᠤᠴᠤᠳ ᠪᠠᠭᠠᠴᠤᠳ ᠤᠨ ᠵᠠᠯᠠᠭᠤ ᠨᠠᠰᠤᠨ ᠤ ᠴᠤᠭ ᠵᠢᠪᠬᠤᠭ᠎ᠠ | ᠪᠠ ᠠᠮᠢᠵᠢᠷᠠᠯ ᠤᠨ ᠬᠦᠴᠦᠨ ᠢ ᠭᠦᠢᠴᠡᠳ ᠳᠡᠯᠭᠡᠨ ᠦᠵᠡᠭᠦᠯᠬᠦ ᠶᠢᠨ ᠬᠠᠮᠲᠤ ᠮᠠᠨ ᠤ ᠬᠤᠲᠠ ᠶᠢᠨ ᠬᠡᠪ ᠴᠢᠨᠠᠷ ᠤᠨ ᠰᠤᠷᠭᠠᠨ | ᠬᠥᠮᠦᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠢᠯᠡᠷᠡᠭᠦᠯᠪᠡ᠃ | | | | | ᠡᠭᠦᠨ ᠠᠴᠠ ᠭᠠᠳᠠᠨ᠎ᠠ᠂ ᠤᠷᠠᠯᠢᠭ ᠤᠨ ᠦᠵᠡᠰᠬᠦᠯᠡᠩ ᠳᠤ ᠪᠠᠰᠠ ᠮᠠᠰᠢ ᠣᠯᠠᠨ ᠤᠷᠠᠨ ᠪᠢᠴᠢᠯᠭᠡ ᠤᠷᠠᠨ ᠵᠢᠷᠤᠭ ᠤᠨ | ᠪᠦᠲᠦᠭᠡᠯ ᠢ ᠳᠡᠯᠭᠡᠨ ᠦᠵᠡᠭᠦᠯᠵᠦ᠂ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ |