ᠮᠠᠨ ᠤ ᠬᠤᠳᠠ 17 ᠳ᠋ᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠤᠬᠡᠳ ᠤᠨ ᠤᠷᠠᠯᠢᠭ ᠤᠨ ᠦᠵᠡᠭᠦᠯᠦᠯᠭᠡ ᠵᠢᠴᠢ ︽6.1︾ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/2
 
  5 ᠰᠠᠷ᠎ᠠ ᠶᠢᠨ 31 ᠤ ᠡᠳᠦᠷ᠂ ᠮᠠᠨ ᠤ ᠬᠤᠲᠠ ᠶᠢᠨ 17 ᠳ᠋ᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠤᠬᠡᠳ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠴᠢ ︽6 · 1︾ ᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠬᠤᠲᠠ ᠶᠢᠨ ᠰᠤᠷᠲᠠᠯ ᠤᠬᠠᠭᠤᠯᠭ᠎ᠠ ᠰᠣᠶᠣᠯ ᠤᠨ ᠲᠥᠪ ᠲᠤ ᠶᠠᠪᠤᠭᠳᠠᠪᠠ᠃ ᠬᠤᠳᠠ ᠶᠢᠨ ᠤᠳᠤᠷᠢᠳᠤᠯᠭ᠎ᠠ ᠶᠠᠩ ᠶᠢᠨ ᠷᠦᠢ᠂ ᠸᠠᠩ ᠵᠢᠩ᠂ ᠸᠠᠩ ᠳ᠋ᠦᠩ ᠱᠧᠩ᠂ ᠨᠠᠷᠠᠰᠤ ᠠᠵᠢᠯᠯᠠᠭ᠎ᠠ ᠳᠤ ᠣᠷᠣᠯᠴᠠᠪᠠ᠃    ᠲᠣᠰ ᠠᠵᠢᠯᠯᠠᠭ᠎ᠠ ᠳᠤ ᠮᠠᠨ ᠤ ᠬᠤᠲᠠ ᠶᠢᠨ 2022 - 2023 ᠰᠤᠷᠤᠯᠭ᠎ᠠ ᠶᠢᠨ ᠣᠨ ᠤ ᠤᠯᠠᠭᠠᠨ ᠪᠥᠴᠡᠲᠡᠨ ᠤ ᠱᠠᠩᠨᠠᠯ ᠤᠨ ᠲᠡᠮᠳᠡᠭ ᠲᠠᠢ ᠬᠤᠶᠠᠳᠤᠭᠠᠷ ᠣᠳᠣᠨ ᠲᠠᠮᠠᠭ᠎ᠠ ᠶᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠰᠢᠯᠭᠠᠷᠠᠭᠤᠯᠵᠤ ᠭᠠᠷᠭᠠᠭᠰᠠᠨ 140 ᠬᠤᠪᠢ ᠬᠥᠮᠦᠨ ᠤ ᠬᠤᠶᠠᠳᠤᠭᠠᠷ ᠣᠳᠣᠨ ᠲᠡᠮᠳᠡᠭ᠂ 13 ᠳᠤᠮᠳᠠ ᠠᠩᠭᠢ ᠪᠠ ᠶᠡᠭᠡ ᠠᠩᠭᠢ ᠶᠢ ᠬᠥᠬᠢᠭᠦᠯᠦᠨ ᠰᠠᠶᠢᠰᠢᠶᠠᠪᠠ︔ ᠡᠭᠦᠨ ᠤ ᠬᠠᠮᠲᠤ 2022 - 2023 ᠰᠤᠷᠤᠯᠭ᠎ᠠ ᠶᠢᠨ ᠵᠢᠯ ᠳᠤ ᠪᠥᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 86 ᠭᠤᠷᠪᠠᠨ ᠰᠠᠶᠢᠨ ᠰᠣᠷᠣᠭᠴᠢ᠂ 26 ᠰᠢᠯᠢᠳᠡᠭ ᠰᠣᠷᠣᠭᠴᠢ ᠺᠠᠳ᠋ᠷ ᠪᠠ 46 ᠲᠡᠷᠢᠭᠦᠨ ᠤ ᠠᠩᠭᠢ ᠶᠢᠨ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠭᠰᠠᠨ ᠪᠥᠭᠡᠳ ᠢᠷᠠᠭᠤ ᠠᠯᠳᠠᠷ ᠤᠨ ᠦᠨᠡᠮᠯᠡᠯ ᠣᠯᠭᠤᠪᠠ᠃    ᠬᠤᠲᠠ ᠶᠢᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠤᠲᠠ ᠶᠢᠨ ᠲᠠᠰ ᠤᠨ ᠭᠤᠷᠪᠠᠨ ᠰᠠᠶᠢᠨᠲᠠᠶ ᠰᠣᠷᠣᠭᠴᠢ ᠬᠤᠸᠠᠩ ᠱᠦᠩ᠄ ︽6 · 1 ᠤ ᠬᠡᠤᠬᠡᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠪᠢ ᠮᠠᠰᠢ ᠠᠵᠠ ᠵᠠᠪᠰᠢᠶᠠᠨ ᠢᠶᠠᠷ ᠬᠤᠲᠠ ᠶᠢᠨ ᠲᠠᠰ ᠤᠨ ᠭᠤᠷᠪᠠᠨ ᠰᠠᠶᠢᠨ ᠰᠣᠷᠣᠭᠴᠢ ᠶᠢ ᠣᠯᠵᠠᠶ᠃ ᠪᠠᠭᠰᠢ ᠶᠢᠨ ᠮᠢᠨᠦ ᠴᠢᠩ ᠰᠡᠳᠬᠢᠯ ᠤᠨ ᠰᠤᠷᠭᠠᠯ ᠳᠤ ᠲᠠᠯᠠᠷᠬᠠᠵᠤ ᠪᠠᠶᠢᠨ᠎ᠠ᠂ ᠬᠤᠶᠢᠰᠢᠳᠠ ᠶᠢᠨ ᠰᠤᠷᠤᠯᠴᠠᠯᠭ᠎ᠠ ᠶᠢᠨ ᠳᠤᠮᠳᠠ ᠪᠢ ᠲᠠᠰᠤᠷᠠᠯᠲᠠ ᠦᠭᠡᠢ ᠴᠢᠷᠮᠠᠶᠢᠵᠤ᠂ ᠦᠷᠭᠦᠯᠵᠢᠯᠡᠨ ᠤᠷᠤᠭᠰᠢᠯᠠᠬᠤ ᠳᠠᠷᠪᠠᠭᠤᠯ ᠨᠠᠮᠢᠷᠠᠭᠤᠯᠤᠨ᠎ᠠ᠃︾    ᠳᠠᠷᠠᠭ᠎ᠠ ᠨᠢ᠂ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠩᠬᠢᠨᠢ ᠪᠠᠷ ᠡᠬᠢᠯᠡᠪᠡ᠃    ᠪᠥᠬᠦ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠳᠤ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠭᠥᠷᠳᠡᠭᠰᠡᠨ ᠪᠥᠵᠢᠭ ︽ᠬᠦᠨᠳᠦᠳᠬᠡᠯ︾ ᠨᠢ ᠰᠡᠳᠬᠢᠯ ᠬᠥᠳᠡᠯᠬᠦ ᠬᠥᠭ ᠠᠶᠠᠰ᠂ ᠭᠤᠶᠢᠳᠠ ᠰᠠᠶᠢᠬᠠᠨ ᠪᠥᠵᠢᠭ ᠢᠶᠠᠷ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠥᠷᠨᠢᠭᠦᠨ ᠳᠠᠪᠰᠢᠬᠤ᠂ ᠥᠪᠡᠷ ᠢ ᠪᠠᠨ ᠬᠦᠴᠦᠷᠬᠡᠭᠵᠢᠭᠦᠯᠵᠦ ᠪᠡᠶ᠎ᠡ ᠪᠠᠨ ᠳᠠᠭᠠᠭᠠᠬᠤ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠶᠠᠪᠤᠭᠳᠠᠵᠠᠢ᠃ ᠮᠣᠷᠢᠨ ᠬᠤᠭᠤᠷ ᠤᠨ ᠬᠠᠮ ᠬᠥᠭᠵᠢᠮ ︽ᠴᠠᠭᠠᠨ ᠮᠣᠷᠢ︾᠂ ︽ᠬᠤᠪᠢᠰᠬᠠᠯᠲᠤ ᠬᠡᠦᠬᠡᠳ ᠤᠨ ᠦᠯᠢᠭᠡᠷ︾᠂ ᠤᠤᠭᠠᠯ ᠳᠠᠭᠤᠤ ︽ᠮᠢᠨᠦ ᠬᠠᠶᠢᠷᠠᠳᠠᠢ ᠬᠢᠯᠢ ᠶᠢᠨ ᠬᠤᠲᠠ ᠡᠷᠢᠶᠡᠨ︾ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠪᠣᠭᠤᠮᠲᠠ ᠶᠢᠨ ᠵᠠᠯᠠᠭᠤᠴᠤᠳ ᠪᠠᠭᠠᠴᠤᠳ ᠤᠨ ᠵᠠᠯᠠᠭᠤ ᠨᠠᠰᠤᠨ ᠤ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢ ᠭᠦᠢᠴᠡᠳ ᠳᠡᠯᠭᠡᠨ ᠦᠵᠡᠭᠦᠯᠬᠦ ᠶᠢᠨ ᠬᠠᠮᠲᠤ ᠮᠠᠨ ᠤ ᠬᠤᠲᠠ ᠶᠢᠨ ᠬᠡᠪ ᠴᠢᠨᠠᠷ ᠤᠨ ᠰᠤᠷᠭᠠᠨ ᠬᠥᠮᠦᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠢᠯᠡᠷᠡᠭᠦᠯᠪᠡ᠃    ᠡᠭᠦᠨ ᠠᠴᠠ ᠭᠠᠳᠠᠨ᠎ᠠ᠂ ᠤᠷᠠᠯᠢᠭ ᠤᠨ ᠦᠵᠡᠰᠬᠦᠯᠡᠩ ᠳᠤ ᠪᠠᠰᠠ ᠮᠠᠰᠢ ᠣᠯᠠᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠦ᠂ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号