| | 6 ᠰᠠᠷ᠎ᠠ ᠶᠢᠨ 19 ᠤ ᠡᠳᠦᠷ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠡᠷᠭᠢᠯᠡᠭᠰᠡᠨ ᠬᠤᠶᠠᠷ ᠡᠳᠦᠷ ᠤᠨ ᠬᠤᠭᠤᠴᠠᠭ᠎ᠠ ᠲᠠᠢ ᠰᠦᠯᠵᠢᠶᠡᠨ ᠤ ᠣᠳᠣᠳ ᠤᠨᠰᠢᠭᠤᠳ | ᠨᠡᠪᠲᠡᠷᠡᠭᠦᠯᠭᠡ᠂ ᠣᠬᠤᠷ ᠸᠢᠳᠢᠤ᠋ ᠶᠢᠨ ᠰᠡᠭᠦᠳᠡᠷᠯᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠬᠢᠯᠡᠪᠡ᠃ | | | ᠪᠣᠯᠪᠠᠰᠤᠷᠠᠯ ᠳᠤ ᠪᠠᠭᠰᠢ ᠠᠴᠠ᠂ ᠳᠥᠭᠦᠮ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠪᠥᠭᠡᠳ ᠰᠣᠨᠢᠷᠬᠠᠯᠲᠠᠶ | ᠲᠠᠶᠢᠯᠪᠤᠷᠢᠯᠠᠯᠲᠠ ᠪᠠᠷ ᠣᠯᠠᠨ ᠳᠤ ᠲᠥᠷᠥ ᠶᠢᠨ ᠪᠣᠳᠣᠯᠭ᠎ᠠ ᠶᠢᠨ ᠵᠠᠳᠠᠯᠤᠯᠲᠠ᠂ ᠣᠶᠢᠯᠠᠭᠠᠭᠳᠠᠬᠤᠨ ᠤ ᠰᠢᠨᠡᠴᠢᠯᠡᠯᠲᠡ᠂ | ᠪᠣᠳᠠᠲᠠᠶ ᠠᠵᠢᠯᠯᠠᠭᠠᠨ ᠤ ᠵᠢᠯᠣᠭᠤᠳᠣᠯᠭ᠎ᠠ ᠬᠢᠵᠦ᠂ ᠰᠤᠷᠤᠭᠴᠢᠳ ᠲᠤ ᠰᠦᠯᠵᠢᠶᠡᠨ ᠤ ᠰᠢᠭᠤᠳ ᠨᠡᠪᠲᠡᠷᠡᠭᠦᠯᠭᠡ᠂ | ᠣᠬᠤᠷ ᠸᠢᠳᠢᠤ᠋ ᠪᠠᠷ ᠰᠡᠭᠦᠳᠡᠷᠯᠡᠬᠦ ᠮᠡᠷᠭᠡᠵᠢᠯ ᠢ ᠪᠥᠬᠦ ᠲᠠᠯ᠎ᠠ ᠪᠠᠷ ᠡᠵᠡᠮᠰᠢᠭᠦᠯᠪᠡ᠃ | ᠲᠣᠰ ᠤᠳᠠᠭᠠᠨ ᠤ ᠪᠣᠯᠪᠠᠰᠤᠷᠠᠯ ᠨᠢ ︽ᠬᠥᠮᠦᠨ ᠪᠦᠬᠦᠨ ᠴᠥᠮ ᠵᠢᠭᠤᠯᠴᠢᠯᠠᠯ ᠤᠨ ᠳᠦᠷᠢ ᠲᠥᠷᠬᠦ᠂ ᠭᠠᠵᠠᠷ | ᠪᠣᠯᠭᠠᠨ ᠳᠤ ᠵᠢᠭᠤᠯᠴᠢᠯᠠᠯ ᠤᠨ ᠨᠥᠯᠥᠭᠡ ᠲᠠᠢ ᠪᠠᠶᠢᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ | ᠰᠣᠶᠣᠯ ᠵᠢᠭᠤᠯᠴᠢᠯᠠᠯ ᠤᠨ ᠤᠬᠠᠭᠤᠯᠭ᠎ᠠ ᠪᠠ ᠬᠤᠳᠠᠯᠳᠤᠭᠠᠨ ᠤ ᠦᠷ᠎ᠡ ᠠᠰᠢᠭ ᠢ ᠨᠢᠭᠡ ᠴᠣᠭᠴᠠ ᠪᠣᠯᠭᠠᠨ | ᠠᠭᠤᠰᠤᠯᠴᠠᠭᠤᠯᠬᠤ ᠶᠢᠨ ᠲᠥᠯᠥᠭᠡ ᠶᠤᠮ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠭᠤᠤᠯᠯᠠᠨ ᠡᠷᠭᠢᠯᠡᠭᠰᠡᠨ ᠨᠢᠭᠡᠴᠡ ᠠᠴᠠ ᠰᠤᠷᠤᠭᠴᠢᠳ ᠢ ᠵᠣᠬᠢᠶᠠᠨ | ᠪᠠᠶᠢᠭᠤᠯᠤᠨ ᠣᠬᠤᠷ ᠸᠢᠳᠢᠣ᠋ ᠵᠣᠬᠢᠶᠠᠵᠤ ᠬᠠᠮᠢᠶ᠎ᠠ ᠪᠥᠬᠦᠶ ᠲᠠᠪᠴᠠᠩ ᠳᠤ ᠤᠬᠠᠭᠤᠯᠤᠨ ᠳᠡᠯᠭᠡᠷᠡᠬᠦᠯᠵᠦ᠂ ᠳᠠᠭᠠᠰᠢᠶᠠᠯ | ᠣᠯᠣᠭᠰᠠᠨ ᠳᠤᠭ᠎ᠠ ᠪᠠ ᠨᠡᠪᠲᠡᠷᠡᠭᠦᠯᠬᠦ ᠬᠡᠮᠵᠢᠶ᠎ᠡ ᠪᠠᠷ ᠪᠠᠷᠢᠮᠵᠢᠶ᠎ᠠ ᠪᠣᠯᠭᠠᠨ ᠱᠠᠩᠨᠠᠯ ᠰᠢᠯᠭᠠᠷᠠᠭᠤᠯᠤᠨ᠎ᠠ᠃ |