| | | 6 ᠰᠠᠷ᠎ᠠ ᠶᠢᠨ 14 ᠤ ᠡᠳᠦᠷ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠰᠢᠨ᠎ᠡ ᠮᠡᠳᠡᠭᠡ᠄ ᠭᠠᠭᠴᠠ | ᠡᠳᠦᠷ ᠲᠤ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ 676 ᠤᠳᠠᠭ᠎ᠠ ᠭᠠᠷᠴᠤ᠂ ᠰᠢᠨ᠎ᠡ ᠲᠡᠮᠳᠡᠭᠯᠡᠯ ᠢ | ᠡᠭᠦᠳᠴᠡᠢ᠂ ᠡᠨᠡ ᠨᠢ ᠪᠠᠰᠠ ᠡᠷᠢᠶᠡᠨ ᠪᠣᠭᠤᠮᠲᠠ ᠶᠢᠨ ᠡᠳᠦᠷ ᠲᠤ ᠰᠢᠯᠭᠠᠬᠤ ᠬᠢᠯᠢ ᠪᠠᠷ ᠣᠷᠣᠵᠤ ᠭᠠᠷᠬᠤ ᠮᠠᠰᠢᠨ | ᠲᠡᠷᠭᠡ ᠰᠠᠷ᠎ᠠ ᠳᠤ ᠬᠤᠶᠠᠷ ᠤᠳᠠᠭ᠎ᠠ ᠰᠢᠨ᠎ᠡ ᠲᠡᠮᠳᠡᠭᠯᠡᠯ ᠡᠬᠦᠳᠦᠭᠰᠡᠨ ᠢ ᠬᠠᠷᠠᠭᠤᠯᠵᠤ ᠪᠠᠶᠢᠨ᠎ᠠ᠃ | ᠣᠶᠢᠷ᠎ᠠ ᠶᠢᠨ ᠡᠳᠦᠷ ᠤᠳ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠬᠢᠨ ᠶᠠᠭᠠᠷᠠᠯᠲᠠᠢ ᠠᠵᠢᠯᠯᠠᠵᠤ᠂ | ᠬᠠᠳᠤᠵᠤ ᠬᠤᠷᠢᠶᠠᠬᠤ ᠮᠠᠰᠢᠨ᠂ ᠠᠴᠢᠶᠠᠯᠠᠬᠤ ᠮᠠᠰᠢᠨ᠂ ᠲᠷᠠᠺᠲ᠋ᠣᠷ ᠵᠡᠷᠭᠡ ᠲᠠᠸᠠᠷ ᠤᠨ ᠲᠡᠷᠭᠡ ᠬᠥᠰᠬᠡ ᠶᠢ | ᠵᠠᠯᠭᠠᠭ᠎ᠠ ᠪᠠᠷ ︽ᠲᠠᠸᠠᠷ ᠤᠨ ᠲᠡᠷᠭᠡᠨ ᠤ ᠲᠤᠰᠬᠠᠶ ᠨᠡᠪᠲᠡᠷᠡᠬᠦ ᠵᠠᠮ︾ ᠢᠶᠠᠷ ᠲᠦᠷᠭᠡᠨ ᠥᠩᠭᠡᠷᠡᠭᠦᠯᠪᠡ᠃ ᠲᠤᠭ᠎ᠠ | ᠪᠠᠷᠢᠮᠲᠠ ᠠᠴᠠ ᠦᠵᠡᠪᠡᠯ᠂ ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ | ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠡᠶᠢᠲᠡ 6.3 ᠲᠦᠮᠡ ᠭᠠᠷᠤᠶ ᠤᠳᠠᠭ᠎ᠠ ᠬᠢᠯᠢ ᠪᠠᠷ ᠣᠷᠣᠵᠤ ᠭᠠᠷᠬᠤ | ᠪᠠᠷᠠᠭᠠᠨ ᠤ ᠲᠡᠷᠭᠡ ᠶᠢ ᠰᠢᠯᠭᠠᠨ ᠥᠩᠭᠡᠷᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ | 1.7 ᠳᠠᠬᠢᠨ ᠨᠡᠮᠡᠭᠳᠡᠪᠡ᠃ | ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ ᠶᠢᠨ ᠭᠦᠢᠯᠭᠡᠭᠡᠨ ᠤ | ᠬᠡᠮᠵᠢᠶ᠎ᠡ ᠶᠢᠨ ᠡᠮᠦᠨ᠎ᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠥᠷᠲᠡᠭᠡ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ︽ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ︾ ᠪᠠ ︽ | ᠲᠠᠸᠠᠷ ᠤᠨ ᠲᠡᠷᠭᠡᠨ ᠤ ᠲᠤᠰᠬᠠᠶ ᠨᠡᠪᠲᠡᠷᠡᠬᠦ ᠵᠠᠮ︾ ᠵᠡᠷᠭᠡ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ︽ᠬᠥᠮᠦᠨ ᠬᠦᠯᠢᠶᠡᠬᠦ ᠲᠡᠷᠭᠡ ᠬᠥᠰᠬᠡ᠂ ᠳᠠᠷᠦ᠋ᠢᠬᠠᠨ | ᠪᠠᠶᠢᠴᠠᠭᠠᠬᠤ︾ ᠶᠢ ᠪᠠᠷᠢᠮᠲᠠᠯᠠᠵᠤ᠂ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢᠨ ᠬᠦᠷᠴᠦ ᠢᠷᠡᠬᠦ ᠪᠠ | ᠪᠠᠶᠢᠴᠠᠭᠠᠯᠲᠠ ᠬᠢᠬᠦ ᠶᠢ ᠪᠠᠲᠤᠯᠠᠵᠤ᠂ ᠳᠠᠩᠰᠠᠯᠠᠭᠤᠯᠤᠨ ᠭᠤᠶᠤᠴᠢᠯᠠᠨ ᠮᠡᠳᠡᠭᠦᠯᠬᠦ ᠶᠢ ︽ᠳᠤᠲᠠᠭᠤ ᠭᠦᠶᠦᠯᠭᠡᠬᠦ︾᠂ | ᠬᠥᠮᠦᠰ ᠤᠨ ᠪᠣᠭᠤᠮᠲᠠ ᠪᠠᠷ ᠥᠩᠭᠡᠷᠡᠬᠦ ᠶᠢ ︽ᠬᠦᠯᠢᠶᠡᠬᠦ ᠥᠬᠡᠶ︾᠂ ᠡᠳ᠋ ᠪᠠᠷᠠᠭ᠎ᠠ ᠶᠢᠨ ᠪᠣᠭᠤᠮᠲᠠ ᠪᠠᠷ | ᠥᠩᠭᠡᠷᠡᠬᠦ ᠶᠢ ︽ᠬᠤᠶᠢᠰᠢᠯᠠᠭᠤᠯᠬᠤ ᠴᠠᠭ︾ ᠢ ᠪᠣᠭᠤᠨᠢᠰᠬᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠴᠢᠨᠠᠷ | ᠰᠠᠶᠢᠲᠠᠶ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠪᠣᠭᠤᠮᠲᠠ ᠶᠢᠨ | ᠠᠵᠤ ᠠᠬᠤᠶ ᠶᠢᠨ ︽ᠬᠤᠷᠳᠤᠴᠠ ᠶᠢ ᠲᠦᠷᠭᠡᠳᠬᠡᠬᠦ︾ ᠶᠢ ᠠᠬᠢᠭᠤᠯᠪᠠ᠃ | |