| | 6 ᠰᠠᠷ᠎ᠠ ᠶᠢᠨ 21 ᠤ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠤᠯ | ᠲᠤᠭᠤᠢᠢᠯᠠᠩ 2023 ᠤᠨ ᠤ 9 ᠳ᠋ᠤᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ | ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ | ᠵᠢᠭᠠᠪᠤᠷᠢ ᠪᠠ ᠴᠦᠯᠯᠡᠷᠭᠡᠭᠵᠢᠯ ᠢ ᠶᠡᠷᠦᠩᠭᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ᠂ ︽ᠭᠤᠷᠪᠠᠨ | ᠤᠮᠠᠷᠠᠳᠤ ᠶᠢᠨ ᠤᠷᠤᠨ︾ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢᠨ ᠶᠠᠷᠢᠯᠴᠠᠬᠤ ᠬᠤᠷᠠᠯ ᠲᠡᠭᠡᠷ᠎ᠠ ᠲᠠᠯᠪᠢᠬᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠳᠠ ᠶᠢᠨ ᠤᠳᠤᠷᠢᠳᠤᠯᠭ᠎ᠠ ᠶᠠᠨ ᠬᠤᠩ᠂ ᠴᠣᠭᠵᠢᠯ | ᠣᠷᠣᠯᠴᠠᠪᠠ᠃ | ᠬᠤᠳᠠ ᠶᠢᠨ ᠲᠡᠰ ᠤᠨ 6 ᠤᠳᠤᠷᠢᠳᠤᠯᠭ᠎ᠠ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ | ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠠᠵᠤ ᠦᠢᠯᠡᠰ ᠤᠨ ᠪᠦᠲᠦᠴᠡ ᠶᠢ | ᠲᠦᠷᠭᠡᠳᠬᠡᠨ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ | ᠲᠠᠯᠪᠢᠬᠤ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ᠂ ᠨᠠᠮ ᠵᠠᠰᠠᠭ | ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠵᠡᠷᠭᠡ ᠴᠢᠬᠤᠯᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠡᠷᠡᠰ | ᠭᠤᠶᠢᠪᠢᠰᠢ ᠦᠭᠡᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ | ᠬᠤᠷᠠᠯ ᠠᠴᠠ᠂ ︽ᠠᠷᠢᠭᠤᠨ ᠴᠢᠬᠡᠴᠢ᠂ ᠠᠷᠢᠭᠤᠨ ᠴᠡᠪᠡᠷ︾ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ | ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠵᠦ᠂ ᠠᠵᠤ ᠦᠢᠯᠡᠰ ᠤᠨ ᠪᠦᠲᠦᠴᠡ ᠶᠢ ᠲᠦᠷᠭᠡᠳᠬᠡᠨ | ᠰᠢᠯᠢᠳᠡᠭᠵᠢᠭᠦᠯᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ ᠠᠮᠢ ᠠᠬᠤᠢ ᠶᠢᠨ | ᠬᠠᠮᠠᠭᠠᠯᠠᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠳᠡᠭᠡᠳᠦ ᠱᠠᠲᠤᠨ ᠤ ᠠᠮᠢ ᠠᠬᠤᠢ ᠶᠢᠨ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠤᠨ᠎ᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠤᠨ ᠳᠤᠲᠠᠭᠤᠳᠠᠯ ᠢ | ᠨᠦᠬᠦᠪᠦᠷᠢᠯᠡᠨ᠂ ᠨᠡᠶᠢᠭᠡᠮ ᠤᠨ ᠦᠢᠯᠡᠰ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ | ᠭᠤᠣᠯ ᠰᠢᠵᠢᠮ ᠤᠨ ᠲᠣᠭᠤᠷᠢᠨ ᠳᠤ ᠡᠯ᠎ᠡ ᠵᠦᠢᠯ ᠤᠨ ᠠᠵᠢᠯ ᠢ ᠠᠬᠢᠭᠤᠯᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠢ᠃ ᠭᠤᠤᠯ ᠰᠡᠳᠦᠪᠲᠦ ᠬᠥᠮᠦᠵᠢᠯ ᠢ | ᠥᠷᠨᠢᠭᠦᠯᠬᠦ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠰᠤᠷᠤᠯᠴᠠᠬᠤ ᠪᠠᠷ ᠬᠡᠷᠡᠭᠵᠢᠭᠦᠯᠬᠦ ᠶᠢ | ᠠᠬᠢᠭᠤᠯᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ | ᠤᠯᠠᠮᠵᠢᠯᠠᠯ ᠢ ᠪᠠᠳᠠᠷᠠᠭᠤᠯᠤᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠢᠯᠢ ᠶᠢᠨ ᠬᠠᠮᠢᠶᠠᠷᠤᠯᠲᠠ | ᠡᠵᠡᠮᠳᠡᠯ ᠢ ᠴᠢᠩᠭᠠᠳᠬᠠᠨ᠂ ᠨᠠᠮ ᠪᠠ ᠠᠷᠠᠳ ᠲᠦᠮᠡᠨ ᠤ ᠬᠢᠯᠢ ᠶᠢ ᠰᠠᠶᠢᠲᠤᠷ ᠰᠠᠬᠢᠵᠤ᠂ ᠰᠡᠷᠭᠡᠶᠢᠯᠡᠯᠲᠡ ᠶᠢ | ᠰᠠᠶᠢᠲᠤᠷ ᠪᠠᠬᠢᠵᠢᠭᠦᠯᠦᠨ᠎ᠡ᠃ |