| | 6 ᠰᠠᠷ᠎ᠠ ᠶᠢᠨ 22 ᠤᠨ ᠡᠳᠦᠷ᠂ ᠮᠠᠨ ᠤ ᠬᠤᠲᠠ ᠰᠢᠲᠠᠮᠠᠬᠠᠶ ᠬᠡᠶ ᠶᠢᠨ ᠲᠤᠰᠬᠠᠶ ᠠᠩᠭᠢ ᠶᠢᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠢᠩᠰᠢᠶᠠ ᠶᠢᠨ ᠢᠷᠭᠠᠢ | ᠬᠤᠲᠠ ᠶᠢᠨ ᠰᠢᠩ ᠴᠢᠩ ᠲᠣᠭᠤᠷᠢᠭ ᠤᠨ ᠹᠦ᠋ ᠶᠠᠩ ᠰᠢᠷᠠᠮᠠᠯ ᠢᠳᠡᠭᠡᠨ ᠤ ᠳᠡᠯᠭᠡᠭᠦᠷ ᠤᠨ ᠰᠢᠲᠠᠮᠠᠬᠠᠶ ᠬᠡᠶ ᠶᠢᠨ | ᠳᠡᠯᠪᠡᠷᠡᠯᠲᠡ ᠶᠢᠨ ᠠᠳᠡᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠤᠯᠠᠮᠵᠢᠯᠠᠵᠤ᠂ ᠪᠥᠬᠦ ᠬᠤᠲᠠ ᠶᠢᠨ ᠰᠢᠲᠠᠮᠠᠬᠠᠶ | ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ | ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠤᠳᠠ ᠶᠢᠨ ᠢᠳᠡᠭᠡᠨ | ᠤᠮᠳᠠᠭᠠᠨ ᠤ ᠠᠵᠢᠯ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠡᠷᠴᠢᠮ ᠢᠶᠠᠨ ᠲᠦᠷᠭᠡᠨ ᠠᠬᠢᠭᠤᠯᠵᠤ᠂ ᠪᠦᠬᠦ ᠬᠤᠳᠠ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠭᠡᠮ ᠰᠣᠭᠤᠭ ᠢ | ᠬᠡᠷᠡᠭᠯᠡᠬᠦ ᠬᠡᠷᠡᠭᠲᠡᠢ︔ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ | ᠲᠣᠳᠣᠷᠬᠠᠢ ᠱᠠᠭᠠᠷᠳᠠᠯᠭ᠎ᠠ ᠲᠣᠭᠲᠠᠭᠠᠨ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠨᠢᠭᠡ ᠶᠢ | ᠬᠠᠰᠤᠪᠠᠯ ᠨᠢᠭᠡ ᠶᠢ ᠬᠠᠰᠤᠬᠤ ᠶᠢ ᠪᠠᠲᠤᠯᠠᠬᠤ ᠬᠡᠷᠡᠭᠲᠡᠢ︔ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠨ ᠬᠢᠨ ᠬᠤᠶᠠᠷ ᠬᠠᠮᠲᠤᠷᠠᠭᠰᠠᠨ | ᠪᠠᠶᠢᠴᠠᠭᠠᠬᠤ ᠳᠤᠭᠤᠶᠢᠯᠠᠩ ᠬᠤᠪᠢᠶᠠᠵᠤ᠂ ᠡᠯ᠎ᠡ ᠢᠳᠡᠭᠡᠨ ᠤᠮᠳᠠᠭᠠᠨ ᠤ ᠨᠢᠭᠡᠴᠡ᠂ ︽ᠶᠢᠰᠦᠨ ᠪᠠᠭ᠎ᠠ ᠲᠠᠯᠠᠪᠤᠷ︾ ᠵᠡᠷᠭᠡ | ᠭᠠᠵᠠᠷ ᠲᠤ ᠭᠦᠨᠵᠡᠭᠡᠶᠢᠷᠡᠨ ᠪᠠᠶᠢᠴᠠᠭᠠᠯᠲᠠ ᠬᠢᠪᠠ᠃ ᠪᠠᠶᠢᠴᠠᠭᠠᠯᠲᠠ ᠶᠢᠨ ᠶᠠᠪᠤᠴᠠ ᠳᠤ ᠣᠯᠵᠤ ᠮᠡᠳᠡᠭᠰᠡᠨ ᠨᠢ᠂ ᠾᠦᠸᠧ | ᠹᠧᠩ ᠰᠢᠷᠠᠮᠠᠯ ᠭᠠᠵᠠᠷ ᠲᠤ ᠠᠮᠤᠷ ᠲᠦᠪᠰᠢᠨ ᠢᠶᠠᠷ ᠭᠠᠷᠬᠤ ᠡᠭᠦᠳᠡ ᠪᠥᠭᠯᠡᠷᠡᠵᠦ᠂ ᠭᠠᠵᠠᠷ ᠤᠨ ᠭᠠᠳᠠᠷᠭᠤ ᠶᠢᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠬᠢᠷᠢ ᠲᠡᠩᠴᠡᠭᠰᠡᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠶᠧᠦ ᠪᠣᠣ ᠶᠣᠣ | ᠽᠢ ᠰᠢᠷᠠᠯᠠᠭ᠎ᠠ ᠶᠢᠨ ᠭᠠᠵᠠᠷ ᠲᠤ ᠨᠡᠭᠦᠷᠡᠰᠦᠨ ᠬᠡᠶ ᠶᠢᠨ ᠰᠠᠪᠠ ᠶᠢ ᠲᠠᠯᠪᠢᠭᠰᠠᠨ ᠵᠢᠷᠤᠮᠵᠢᠯ ᠥᠬᠡᠶ ᠵᠢᠴᠢ ᠬᠡᠰᠡᠭ ᠨᠡᠭᠦᠷᠡᠰᠦᠨ | ᠬᠡᠶ ᠶᠢᠨ ᠰᠠᠪᠠ ᠳᠤ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠤᠭᠰᠠᠷᠠᠭᠰᠠᠨ ᠥᠬᠡᠶ ᠵᠡᠷᠭᠡ ᠠᠰᠠᠭᠤᠳᠠᠯ ᠣᠷᠣᠰᠢᠵᠤ | ᠪᠠᠶᠢᠨ᠎ᠠ᠃ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠬᠤᠳᠠᠯᠳᠤᠭᠠᠨ ᠤ ᠡᠷᠦᠬᠡ ᠶᠢ ᠳᠠᠷᠦ᠋ᠢᠬᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ | | | | | | | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ | ᠠᠷᠭᠠᠴᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠭᠠᠯ ᠤᠨᠲᠠᠷᠠᠭᠠᠬᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ᠂ ᠳᠣᠲᠣᠭᠠᠳᠤ ᠶᠢ ᠬᠠᠮᠠᠭᠠᠯᠠᠬᠤ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |