【 ᠮᠠᠨ ᠤ ᠪᠠᠶᠠᠷ ᠤᠨ ᠡᠳᠦᠷ ᠲᠠᠪᠤᠨ ᠰᠠᠷ᠎ᠠ ᠶᠢᠨ ᠲᠠᠪᠤᠨ 】 ᠡᠷᠢᠶᠡᠨ ᠬᠤᠲᠠ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/25
  6 ᠰᠠᠷ᠎ᠠ ᠶᠢᠨ 17 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠡᠩᠬᠡ ᠡᠷᠢᠶᠡᠨ ᠬᠤᠲᠠ ᠶᠢᠨ ᠠᠵᠢᠯᠯᠠᠭ᠎ᠠ ᠶᠢ ᠠᠬᠢᠭᠤᠯᠬᠤ ᠵᠥᠪᠯᠡᠯ ᠬᠠᠮᠲᠤᠷᠠᠨ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠶᠤ - ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ᠂ ᠨᠠᠮ ᠢᠶᠠᠨ ᠳᠠᠭᠠᠵᠤ ᠪᠦᠯᠬᠦᠮᠳᠡᠨ ᠲᠡᠮᠡᠴᠡᠬᠦ ᠰᠢᠨ᠎ᠡ ᠠᠶᠠᠨ ᠵᠠᠮ︾ ᠬᠤᠶᠠᠳᠤᠭᠠᠷ ᠬᠤᠭᠤᠴᠠᠭᠠᠨ ᠤ ᠪᠥᠬᠦ ᠬᠤᠲᠠ ᠶᠢᠨ ᠠᠵᠢᠯᠲᠠᠨ ᠠᠵᠢᠯᠴᠢᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠢᠳᠡᠷᠡᠬᠦᠨ ᠠᠯᠬᠤᠭ᠎ᠠ ᠵᠢᠴᠢ ︽ᠶᠡᠭᠡ ᠲᠠᠳᠠᠮᠠᠯ ᠭᠤᠤᠯ︾ ᠢᠶᠠᠷ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠢ ᠡᠷᠭᠢᠯᠡᠪᠡ᠃ ᠪᠦᠬᠦ ᠬᠤᠳᠠ ᠶᠢᠨ 63 ᠠᠩᠬᠢ 600 ᠭᠠᠷᠤᠢ ᠠᠵᠢᠯᠳᠠᠨ ᠠᠵᠢᠯᠴᠢᠨ ᠤᠷᠤᠯᠴᠠᠵᠠᠢ᠃
  ᠬᠤᠳᠠ ᠶᠢᠨ ᠤᠳᠤᠷᠢᠳᠤᠯᠭ᠎ᠠ ᠵᠠᠩ ᠺᠠᠢ ᠳ᠋ᠦᠩ᠂ ᠵᠠᠩ ᠶᠦᠩ ᡁᠢ᠂ ᠢᠦᠢ ᠬᠤᠩ ᠯᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
   ᠱᠦᠭᠯᠦ ᠳᠤᠤᠭᠠᠷᠬᠤ ᠶᠢ ᠳᠠᠭᠠᠯᠳᠤᠨ᠂ ᠪᠦᠬᠦ ᠶᠠᠪᠤᠴᠠ ᠨᠢ 7.4  ᠺᠢᠯᠣᠮᠧᠲᠷ ᠤᠨ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠤᠷᠤᠯᠳᠤᠭᠠᠨ ᠳᠤ ᠣᠷᠣᠯᠴᠠᠭᠰᠠᠨ ᠡᠯ᠎ᠡ ᠠᠩᠬᠢ ᠶᠢᠨ ᠬᠢᠨ ᠬᠠᠷᠢᠯᠴᠠᠨ ᠬᠥᠭᠡᠭᠡᠵᠦ᠂ ᠲᠡᠮᠡᠴᠡᠯ ᠤᠨ ᠵᠣᠷᠢᠭ ᠪᠠᠳᠠᠷᠠᠩᠭᠤᠢ᠂ ᠪᠠᠶᠠᠷᠯᠠᠨ ᠢᠨᠢᠶᠡᠯᠴᠡᠬᠦ ᠳᠠᠭᠤᠨ ᠵᠠᠮ ᠳᠠᠭᠠᠤ ᠳᠦᠭᠦᠷᠡᠩ ᠴᠤᠤᠷᠢᠶᠠᠳᠤᠵᠠᠢ᠃ ᠤᠯᠠᠨ ᠢᠶᠠᠷ ᠢᠶᠠᠨ ᠰᠠᠶᠢᠨ ᠰᠠᠶᠢᠬᠠᠨ ᠴᠠᠭ ᠮᠥᠴᠡ ᠪᠣᠯᠤᠨ ᠠᠷᠢᠭᠤᠨ ᠴᠡᠪᠡᠷ ᠠᠭᠤᠷ ᠠᠮᠢᠰᠬᠤᠯ ᠢ ᠡᠳ᠋ᠯᠡᠬᠦ ᠶᠢᠨ ᠬᠠᠮᠲᠤ ᠦᠵᠡᠯ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠪᠠ᠃ ᠨᠢᠭᠡ ᠴᠠᠭ ᠬᠠᠭᠠᠰ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠡᠴᠦᠰ ᠲᠡᠭᠡᠨ 50 ᠨᠡᠷᠡᠰ ︽ᠢᠳᠡᠷᠡᠭᠦᠨ ᠠᠯᠬᠤᠭ᠎ᠠ ᠲᠠᠢ︾ ᠪᠣᠯᠪᠠ᠃    ᠤᠯᠠᠨ ᠢᠶᠠᠷ ᠢᠶᠠᠨ᠂ ᠲᠤᠰ ᠤᠳᠠᠭᠠᠨ ᠤ ᠠᠵᠢᠯᠯᠠᠭ᠎ᠠ ᠨᠢ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠯᠬᠦᠮᠳᠡᠨ ᠲᠡᠮᠡᠴᠡᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ ᠲᠠᠪᠰᠢᠬᠤ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠡᠩ ᠡᠷᠡᠰ ᠪᠠᠲᠤ ᠢᠲᠡᠭᠡᠯ ᠵᠣᠷᠢᠭ ᠪᠣᠯᠤᠨ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠶᠢ ᠢᠯᠡᠳᠬᠡᠨ᠎ᠡ᠃
   ᠣᠶᠢᠷ᠎ᠠ ᠶᠢᠨ ᠵᠢᠯ ᠤᠳ ᠲᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠨᠢ ᠨᠢᠭᠡᠨᠲᠡ ᠬᠥᠮᠦᠰ ᠤᠨ ᠰᠢᠨᠵᠢᠯᠡᠬᠦ ᠤᠬᠠᠭᠠᠨᠴᠢ᠂ ᠡᠷᠡᠭᠦᠯ ᠴᠢᠭᠢᠷᠠᠭ᠂ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠬᠥᠭᠡᠭᠡᠴᠡᠯᠳᠦᠭᠰᠡᠨ ᠨᠢᠭᠡ ᠬᠡᠰᠡᠭ ᠪᠣᠯᠤᠭᠰᠠᠨ ᠪᠠᠶᠢᠨ᠎ᠠ᠃ ᠣᠳᠣᠬᠠᠨ ᠳᠤ᠂ ᠮᠠᠨ ᠤ ᠬᠤᠲᠠ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠠᠯᠬᠤᠮ ᠠᠯᠬᠤᠮ ᠢᠶᠠᠷ ᠲᠡᠭᠦᠯᠳᠡᠷᠵᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠡᠯᠪᠡᠭ ᠪᠠᠶᠠᠯᠢᠭ ᠪᠠᠶᠢᠵᠤ᠂ ᠬᠤᠲᠠ ᠶᠢᠨ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠤᠷᠢᠳ ᠡᠮᠦᠨ᠎ᠡ ᠪᠠᠶᠢᠭ᠎ᠠ ᠦᠭᠡᠢ ᠣᠷᠭᠢᠯᠣᠨ ᠪᠠᠳᠠᠷᠠᠪᠠ᠃ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠶᠢ ᠥᠷᠨᠢᠭᠦᠯᠬᠦ ᠨᠢ ᠥᠷᠭᠡᠨ ᠤᠯᠠᠨ ᠲᠦᠮᠡᠨ ᠳᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠰᠠᠨᠠᠭᠠᠴᠢᠯᠠᠵᠤ᠂ ᠨᠡᠩ ᠤᠯᠠᠨ ᠬᠥᠮᠦᠰ ᠢ ᠬᠥᠳᠡᠯᠭᠡᠭᠡᠨ ᠳᠤ ᠣᠷᠣᠯᠴᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号