【 ᠲᠣᠣᠷ ᠰᠦᠯᠵᠢᠶᠡᠨ ᠤ ᠳᠤᠮᠳᠠᠳᠤ ᠤᠯᠤᠰ ᠤᠨ ᠪᠠᠶᠠᠷ᠂ ᠲᠠᠪᠤᠨ ᠰᠠᠷ᠎ᠠ ᠶᠢᠨ ᠲᠠᠪᠤᠨ 】 ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ︽ᠽᠦᠩᠽᠢ︾ ᠨᠢ ᠪᠣᠯᠪᠠᠰᠤᠨ ᠢ ᠡᠳ᠋ᠯᠡᠵᠦ᠂ ᠣᠯᠠᠨ ᠰᠠᠯᠠᠭ᠎ᠠ ᠮᠥᠴᠢᠷ ᠬᠠᠮᠲᠤᠷᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/25
     ᠪᠠᠰᠠ ᠽᠦᠩᠽᠢ ᠶᠢᠨ ᠨᠠᠪᠴᠢ ᠳᠡᠭᠳᠡᠬᠦ ᠴᠠᠭ ᠪᠣᠯᠬᠤ ᠳᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠶᠢ ᠤᠭᠲᠤᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠠᠩ ᠰᠠᠶᠢᠲᠤᠷ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠳᠣᠯᠠᠳᠠ᠂ 6 ᠰᠠᠷ᠎ᠠ ᠶᠢᠨ 20 ᠤ ᠡᠳᠦᠷ᠂ ᠬᠤᠲᠠ ᠶᠢᠨ ᠤᠯᠠᠭᠠᠨ ᠨᠡᠶᠢᠭᠡᠮ ᠲᠣᠭᠤᠷᠢᠭ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠨᠢᠭᠡᠴᠡ ᠲᠠᠢ ᠬᠠᠮᠲᠤᠷᠠᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾ ᠤ ᠪᠣᠯᠪᠠᠰᠤᠨ ᠢ ᠬᠠᠮᠲᠤ ᠪᠠᠷ ᠡᠳ᠋ᠯᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠲᠣᠰ ᠡᠳᠦᠷ᠂ ᠡᠯ᠎ᠡ ᠬᠠᠮᠲᠤ ᠪᠠᠷ ᠪᠠᠶᠢᠭᠤᠯᠬᠤ ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ᠰᠠᠶᠢᠨ ᠳᠣᠷᠠᠴᠣᠳ᠂ ᠬᠠᠷᠢᠶ᠎ᠠ ᠣᠷᠣᠨ ᠤ ᠶᠣᠰᠣ ᠰᠤᠷᠲᠠᠬᠤᠨ ᠤ ᠵᠢᠱᠢᠶᠡᠴᠢ ᠨᠡᠷ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠬᠦᠷ ᠢᠶᠠᠷ ᠪᠢᠯᠬᠠᠵᠤ᠂ ᠠᠭᠤᠷ ᠠᠮᠢᠰᠬᠤᠯ ᠮᠠᠰᠢ ᠡᠶ᠎ᠡ ᠨᠠᠶᠢᠷᠲᠠᠶ ᠪᠠᠶᠢᠯ᠎ᠠ᠃ ᠬᠦᠷᠡᠩ ᠨᠠᠪᠴᠢ ᠶᠢᠨ ᠠᠩᠬᠢᠯᠤᠮ᠎ᠠ᠂ ᠤᠯᠠᠭᠠᠨ ᠴᠢᠪᠠᠭᠠᠨ ᠦᠨᠦᠷ ᠢ ᠳᠠᠭᠠᠯᠳᠤᠨ᠂ ᠣᠯᠠᠨ ᠢᠶᠠᠷ ᠢᠶᠠᠨ ᠽᠥᠡᠭᠽᠢ ᠶᠢᠨ ᠨᠠᠪᠴᠢ ᠪᠠᠨ ᠨᠤᠭᠤᠯᠤᠨ᠂ ᠰᠢᠯᠦᠬᠡᠢ ᠪᠤᠳᠠᠭ᠎ᠠ ᠶᠢ ᠨᠢ ᠪᠥᠭᠯᠡᠵᠦ᠂ ᠢᠳᠡᠭᠡ ᠪᠤᠶᠤ ᠽᠦᠩᠽᠢ ᠪᠠᠭᠯᠠᠵᠤ ᠡᠬᠢᠯᠡᠵᠡᠢ᠃    ᠳᠠᠷᠠᠭ᠎ᠠ ᠨᠢ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠪᠦᠬᠦ ᠨᠠᠮ ᠤᠨ ᠭᠡᠰᠢᠭᠦᠨ ᠳᠠᠭᠠᠭᠠᠴᠢᠯᠠᠭᠰᠠᠨ ᠽᠦᠩᠽᠢ ᠶᠢ ᠬᠠᠷᠢᠶ᠎ᠠ ᠣᠷᠣᠨ ᠤ ᠪᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠣᠯᠠᠨ ᠲᠦᠮᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠭᠠᠷ ᠲᠤ ᠬᠦᠷᠭᠡᠬᠦ ᠶᠢᠨ ᠬᠠᠮᠲᠤ ᠪᠠᠶᠠᠷ ᠤᠨ ᠡᠳᠦᠷ ᠤᠨ ᠬᠠᠯᠠᠮᠵᠢᠯᠠᠯ ᠪᠠ ᠵᠥᠩᠨᠡᠯ ᠳᠡᠪᠰᠢᠭᠦᠯᠪᠡ᠃    ᠠᠬᠠᠮᠠᠳ ᠨᠠᠮ ᠤᠨ ᠭᠡᠰᠢᠭᠦᠨ ᠰᠦᠩ ᠵᠢᠶᠠ ᠮᠦᠸᠧ᠄ ︽ᠮᠠᠨ ᠤ ᠠᠬᠠᠮᠠᠳ ᠨᠠᠮ ᠤᠨ ᠭᠡᠰᠢᠭᠦᠨ ᠤ ᠰᠠᠨᠠᠭᠠᠰᠢᠷᠠᠯ ᠳᠤ ᠲᠠᠯᠠᠷᠬᠠᠵᠤ ᠪᠠᠶᠢᠨ᠎ᠠ᠂ ᠽᠦᠩᠽᠢ ᠬᠡᠳᠦ᠋ᠢᠪᠡᠷ ᠪᠠᠭ᠎ᠠ ᠪᠣᠯᠪᠠᠴᠤ ᠨᠡᠶᠢᠭᠡᠮ ᠲᠣᠭᠤᠷᠢᠭ ᠤᠨ ᠡᠨᠡ ᠬᠦ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠨᠠᠳᠠ ᠳᠤ ᠮᠡᠳᠡᠷᠡᠭᠦᠯᠵᠦ᠂ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠪᠠ ᠨᠠᠮ ᠪᠠ ᠵᠠᠰᠠᠭ ᠤᠨ ᠣᠷᠳᠣᠨ ᠤ ᠭᠦᠨ ᠵᠤᠵᠠᠭᠠᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠪᠡ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号