【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ 5 ᠰᠠᠷ᠎ᠠ ᠳᠤ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 1200 ᠳᠠᠪᠠᠪᠠ
ᠨᠡᠶᠢᠲᠡᠯᠡᠭᠰᠡᠨ ᠴᠠᠭ᠄
2023/6/25
     ᠡᠨᠡ ᠵᠢᠯ ᠤᠨ ᠲᠦᠷᠦᠭᠦᠤ 5 ᠰᠠᠷ᠎ᠠ ᠳᠤ᠂ ᠡᠷᠢᠶᠡᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 1285 ᠤᠳᠠᠭ᠎ᠠ᠂ 14.73 ᠲᠦᠮᠡᠨ ᠪᠠᠷᠢᠮᠵᠢᠶᠠᠲᠤ ᠬᠠᠶᠢᠷᠴᠠᠭ᠂ ᠪᠠᠷᠠᠭᠠᠨ ᠤ ᠬᠦᠨᠳᠦ ᠨᠢ 135 ᠲᠦᠮᠡᠨ ᠲᠣᠨ᠂ ᠪᠠᠷᠠᠭᠠᠨ ᠤ ᠥᠷᠲᠡᠭ ᠨᠢ 207 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 15.87%᠂ 27.34%᠂ 27.08%᠂ 25.12% ᠪᠠᠷ ᠨᠡᠮᠡᠭᠳᠡᠪᠡ᠃ ᠡᠭᠦᠨ ᠳᠤ᠂ ᠬᠢᠯᠢ ᠠᠴᠠ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 718 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 24.22% ᠨᠡᠮᠡᠭᠳᠡᠵᠦ᠂ ᠭᠠᠳᠠᠭᠠᠳᠤ ᠳᠤ ᠭᠠᠷᠭᠠᠬᠤ ᠭᠤᠤᠯ ᠪᠣᠯᠬᠤ ᠲᠠᠸᠠᠷ ᠲᠤ ᠮᠠᠰᠢᠨ ᠲᠡᠷᠭᠡᠨ ᠤ ᠰᠡᠯᠪᠢᠭ ᠲᠣᠨᠤᠭ᠂ ᠬᠤᠪᠴᠠᠰᠤ ᠬᠤᠨᠠᠷ ᠱᠠᠬᠠᠶ ᠮᠠᠯᠠᠭᠠᠶ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠪᠠᠶᠢᠵᠤ᠂ ᠠᠶᠠᠯᠠᠯ ᠤᠨ ᠱᠤᠭᠤᠮ 68 ᠪᠣᠯᠵᠤ ᠨᠡᠮᠡᠭᠳᠡᠪᠡ᠃
  ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠢᠭ ᠤᠨ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠣᠶᠤᠨᠲᠤ ᠪᠣᠭᠤᠮᠲᠠ︾ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠣᠭᠤᠮᠲᠠ ᠶᠢᠨ ᠠᠵᠢᠯ ᠤᠨ ᠰᠢᠰᠲ᠋ᠧᠮ ᠤᠨ ᠳᠠᠯᠳᠠ ᠴᠢᠳᠠᠪᠤᠷᠢ ᠶᠢ ᠭᠦᠨᠵᠡᠭᠡᠢ ᠠᠭᠤᠳᠠᠯᠵᠤ᠂ ᠪᠥᠬᠦ ᠤᠯᠤᠰ ᠤᠨ ᠲᠡᠮᠦᠷ ᠵᠠᠮ ᠤᠨ ᠪᠣᠭᠤᠮᠲᠠ ᠰᠣᠯᠢᠬᠤ ᠬᠠᠭᠤᠳᠠᠰᠤ ᠶᠢᠨ ᠠᠦ᠋ᠲ᠋ᠣ᠋ ᠬᠠᠷᠭᠤᠭᠤᠯᠤᠨ ᠬᠦᠴᠦᠨ ᠦᠭᠡᠢ ᠪᠣᠯᠭᠠᠬᠤ ᠵᠠᠭᠪᠤᠷ ᠢ ᠡᠩ ᠲᠡᠷᠢᠭᠦᠨ ᠳᠤ ᠪᠡᠶᠡᠯᠡᠭᠦᠯᠵᠦ᠂ ᠪᠣᠭᠤᠮᠲᠠ ᠰᠣᠯᠢᠬᠤ ᠬᠠᠭᠤᠳᠠᠰᠤ ᠪᠣᠯᠣᠨ ᠥᠷᠥᠭᠡᠨ ᠤ ᠲᠤᠭ᠎ᠠ ᠪᠠᠷᠢᠮᠲᠠ ᠶᠢ ᠠᠦ᠋ᠲ᠋ᠣ᠋ ᠬᠠᠷᠢᠴᠠᠭᠤᠯᠬᠤ᠂ ᠠᠦ᠋ᠲ᠋ᠣᠴᠢᠯᠠᠨ ᠬᠠᠷᠭᠤᠭᠤᠯᠤᠨ ᠬᠦᠴᠦᠨ ᠦᠭᠡᠢ ᠪᠣᠯᠭᠠᠬᠤ᠂ ᠠᠶᠠᠨᠳᠠᠭᠠᠨ ᠶᠠᠪᠤᠭᠤᠯᠬᠤ ᠶᠢ ᠪᠡᠶᠡᠯᠡᠭᠦᠯᠵᠦ᠂ ᠭᠠᠳᠠᠭᠠᠳᠤ ᠳᠤ ᠭᠠᠷᠭᠠᠵᠤ ᠪᠣᠭᠤᠮᠲᠠ ᠰᠣᠯᠢᠭᠰᠠᠨ ᠤ ᠳᠠᠷᠠᠭᠠᠬᠢ ︽ᠰᠧᠺᠦ᠋ᠨ᠋ᠳ᠋︾ ᠢᠶᠠᠷ ᠪᠣᠭᠤᠮᠲᠠ ᠥᠩᠭᠡᠷᠡᠬᠦ ᠶᠢ ᠪᠡᠶᠡᠯᠡᠭᠦᠯᠪᠡ᠃ ᠬᠠᠮᠢᠶ᠎ᠠ ᠪᠥᠬᠦᠶ ᠲᠠᠪᠴᠠᠩ ᠳᠤ ᠲᠦᠰᠢᠭᠯᠡᠨ᠂ ︽ᠳᠤᠮᠳᠠ ᠨᠡᠪᠲᠡᠷᠡᠬᠦ ᠵᠠᠮ︾ ᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠵᠠᠮ ᠳᠠᠭᠠᠤ ᠶᠢᠨ ᠬᠠᠷᠢᠶᠠᠯᠠᠭᠳᠠᠬᠤ 35 ᠪᠣᠭᠤᠮᠲᠠ ᠯᠤᠭ᠎ᠠ ︽ᠴᠢᠭ ᠠᠴᠠ ᠴᠢᠭ ᠲᠤ ᠬᠥᠷᠬᠦ︾ ᠬᠤᠯᠪᠣᠭᠠᠴᠢᠨ ᠢ ᠳᠠᠭᠤᠳᠠᠬᠤ ᠲᠣᠭᠲᠠᠴᠠ ᠶᠢ ᠪᠠᠶᠢᠭᠤᠯᠵᠤ᠂ ᠵᠢᠰᠢᠶᠠᠨ ᠤ ᠭᠠᠯᠲᠤ ᠲᠡᠷᠭᠡᠨ ᠤ ᠪᠣᠭᠤᠮᠲᠠ ᠪᠠᠷ ᠥᠩᠭᠡᠷᠡᠬᠦ ᠬᠡᠪ ᠤᠨ ᠪᠤᠰᠤ ᠲᠤᠭ᠎ᠠ ᠪᠠᠷᠢᠮᠲᠠ ᠵᠡᠷᠭᠡ ᠪᠣᠭᠤᠮᠲᠠ ᠪᠠᠷ ᠥᠩᠭᠡᠷᠡᠬᠦ ᠬᠦᠴᠢᠷ ᠲᠦᠪᠡᠭᠲᠡᠶ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠎ᠡ᠃ ᠡᠭᠦᠨ ᠤ ᠬᠠᠮᠲᠤ᠂ ᠪᠣᠭᠤᠮᠲᠠ ᠪᠠᠷ ᠥᠩᠭᠡᠷᠡᠬᠦ ᠲᠡᠮᠦᠷ ᠵᠠᠮ ᠢ ᠳᠡᠭᠡᠭᠰᠢ ᠲᠤᠰᠢᠶᠠᠬᠤ ᠪᠠ ᠭᠥᠯᠢᠶᠡᠨ ᠠᠪᠬᠤ ᠵᠠᠭᠪᠤᠷ ᠢ ᠰᠠᠭᠠᠳ ᠥᠬᠡᠶ ᠨᠡᠪᠲᠡᠷᠡᠭᠦᠯᠵᠦ᠂ ᠪᠦᠬᠦᠯᠢ ᠡᠳᠦᠷ ᠢᠶᠠᠷ 24 ᠴᠠᠭ ᠢᠶᠠᠷ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠲᠤᠰᠢᠶᠠᠵᠤ ᠭᠥᠯᠢᠶᠡᠨ ᠠᠪᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠬᠢᠯᠢ ᠠᠴᠠ ᠭᠠᠷᠬᠤ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠤᠷᠢᠳ ᠢᠶᠠᠷ ᠵᠣᠬᠢᠶᠠᠨ ᠪᠠᠶᠢᠭᠤᠯᠵᠤ᠂ ᠤᠷᠢᠳ ᠢᠶᠠᠷ ᠲᠡᠭᠡᠭᠡᠪᠦᠷᠢᠯᠡᠬᠦ ᠶᠢ ᠪᠡᠶᠡᠯᠡᠭᠦᠯᠦᠨ᠎ᠡ᠃
  ᠡᠷᠢᠶᠡᠨ ᠪᠣᠭᠤᠮᠲᠠ ᠶᠢᠨ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠪᠣᠭᠤᠮᠲᠠ ᠶᠢᠨ ᠠᠵᠢᠯᠲᠠᠨ ᠪᠦᠦ ᠰᠢ ᠷᠠᠨ ᠬᠡᠯᠡᠬᠦ ᠳᠡᠭᠡᠨ᠄ ︽ᠡᠨᠡ ᠵᠢᠯ ᠪᠣᠯ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠠᠷᠪᠠᠨ ᠵᠢᠯ ᠤᠨ ᠤᠢ ᠪᠣᠯᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠪᠣᠭᠤᠮᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ︿ᠨᠢᠭᠡ ᠪᠦᠰᠡ ᠨᠢᠭᠡ ᠵᠠᠮ﹀ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠢᠯᠢ ᠶᠢᠨ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号