| | 6 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠩ ᠰᠠᠨ ᠱᠢ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 2023 ᠣᠨ ᠤ 15 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠡᠵᠡᠮᠳᠡᠯ ᠪᠠ ᠬᠢᠯᠢ ᠶᠢᠨ | ᠬᠠᠮᠠᠭᠠᠯᠠᠯᠲᠠ ᠶᠢᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ | ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ᠂ ᠮᠠᠨ ᠤ ᠬᠤᠲᠠ ᠡᠬᠡ ᠤᠯᠤᠰ ᠤᠨ ᠤᠮᠠᠷᠠᠲᠤ ᠣᠷᠣᠨ ᠳᠤ ᠪᠠᠶᠢᠷᠢᠯᠠᠵᠤ᠂ ᠬᠢᠯᠢ ᠬᠢᠵᠠᠭᠠᠷ ᠤᠨ | ᠠᠮᠤᠷ ᠲᠣᠭᠲᠠᠭᠤᠨ ᠢ ᠬᠠᠮᠠᠭᠠᠯᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠨ᠎ᠠ᠃ ᠪᠦᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ︽ᠲᠠᠪᠤᠨ ᠵᠢᠯ ᠳᠠᠷᠠᠭᠠᠯᠠᠨ ᠡᠭᠦᠳᠬᠦ︾ ᠪᠠᠷ ᠭᠠᠷᠳᠠᠴᠠ ᠪᠣᠯᠭᠠᠵᠤ᠂ | ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ | ᠴᠡᠷᠢᠭ ᠢᠶᠠᠨ ᠬᠦᠷᠢᠶᠡᠯᠡᠨ ᠬᠠᠷᠠᠭᠠᠯᠵᠠᠨ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠠᠪᠰᠤᠷᠤᠨ ᠰᠢᠢᠳᠪᠦᠷᠢᠯᠡᠵᠦ᠂ ᠴᠡᠷᠢᠭ ᠵᠠᠰᠠᠭ | ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ︽ | ᠤᠶᠤᠨᠲᠤ ᠬᠢᠯᠢ ᠶᠢᠨ ᠬᠠᠮᠠᠭᠠᠯᠠᠯ︾ ᠪᠣᠯᠤᠨ ᠬᠢᠯᠢ ᠶᠢᠨ ᠬᠠᠮᠠᠭᠠᠯᠠᠯᠲᠠ ᠶᠢᠨ ᠲᠥᠬᠦᠭᠡᠷᠦᠮᠵᠢ ᠶᠢ ᠨᠥᠬᠦᠪᠥᠷᠢᠯᠡᠬᠦ ᠵᠡᠷᠭᠡ | ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠢᠯᠢ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠨᠥᠬᠦᠴᠡᠯ ᠢ ᠰᠠᠶᠢᠵᠢᠷᠠᠭᠤᠯᠵᠤ᠂ ᠨᠠᠮ ᠪᠣᠯᠤᠨ ᠠᠷᠠᠳ ᠲᠦᠮᠡᠨ ᠤ ᠬᠢᠯᠢ ᠬᠢᠵᠠᠭᠠᠷ ᠢ ᠰᠠᠶᠢᠲᠤᠷ | ᠰᠠᠬᠢᠵᠤ᠂ ᠰᠠᠶᠢᠲᠤᠷ ᠰᠡᠷᠭᠡᠶᠢᠯᠡᠬᠦ ᠶᠢ ᠪᠠᠷᠢᠮᠲᠠᠯᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠡᠬᠡ ᠤᠯᠤᠰ ᠤᠨ ︽ᠤᠮᠠᠷᠠᠲᠤ ᠶᠡᠭᠡ | ᠬᠠᠭᠠᠯᠭ᠎ᠠ︾ ᠶᠢ ᠡᠷᠡᠰ ᠰᠠᠬᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |