| | ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠳᠣᠯᠠᠳᠠ᠂ 6 ᠰᠠᠷ᠎ᠠ ᠶᠢᠨ | 24 ᠤ ᠡᠳᠦᠷ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ | ᠮᠥᠴᠢᠷ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ | ᠪᠠᠶᠢᠴᠠᠭᠠᠨ ᠵᠢᠯᠣᠭᠤᠳᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠲᠠᠮᠠᠬᠠᠶ ᠬᠡᠶ ᠬᠡᠷᠡᠭᠯᠡᠬᠦ ᠲᠠᠯᠠᠪᠤᠷ ᠤᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠪᠠ᠃ | | ᠪᠠᠶᠢᠴᠠᠭᠠᠯᠲᠠ ᠶᠢᠨ ᠳᠤᠮᠳᠠ᠂ ᠠᠵᠢᠯᠲᠠᠳ ᠢᠳᠡᠭᠡᠨ ᠤᠮᠳᠠᠭᠠᠨ ᠤ ᠲᠠᠯᠠᠪᠤᠷ ᠲᠤ ᠭᠦᠨᠵᠡᠭᠡᠶᠢᠷᠡᠨ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠯᠲᠠ ᠬᠢᠵᠦ᠂ ᠰᠢᠲᠠᠮᠠᠬᠠᠶ ᠬᠡᠶ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠤᠭᠰᠠᠷᠠᠭᠰᠠᠨ ᠨᠢ | ᠵᠢᠷᠤᠮᠵᠢᠯ ᠥᠬᠡᠶ᠂ ᠵᠥᠭᠡᠯᠡᠨ ᠬᠤᠭᠤᠯᠠᠶ ᠶᠢ ᠬᠤᠪᠢ ᠪᠠᠷ ᠢᠶᠠᠨ ︽ᠭᠤᠷᠪᠠ ᠶᠢ ᠨᠡᠪᠲᠡᠷᠡᠭᠦᠯᠬᠦ︾᠂ ᠪᠠᠷᠢᠮᠵᠢᠶ᠎ᠠ ᠳᠤ ᠨᠡᠶᠢᠴᠡᠬᠦ | ᠥᠬᠡᠶ ᠳᠠᠷᠤᠯᠲᠠ ᠶᠢ ᠬᠡᠷᠡᠭᠯᠡᠭᠰᠡᠨ᠂ ᠬᠢᠷᠢ ᠲᠡᠩᠴᠡᠬᠦ ᠥᠬᠡᠶ ᠬᠡᠢ ᠶᠢᠨ ᠯᠣᠩᠬᠤ ᠵᠡᠷᠭᠡ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ ᠲᠠᠯᠠᠪᠤᠷ ᠭᠠᠵᠠᠷ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠲᠤᠬᠠᠶ ᠶᠢᠨ ᠲᠠᠯᠠᠪᠤᠷ ᠲᠤ | ᠠᠵᠢᠯᠲᠠᠨ ᠤ ᠲᠠᠯᠠᠪᠤᠷ ᠭᠠᠵᠠᠷ ᠤᠨ ᠭᠠᠯ ᠤᠨᠲᠠᠷᠠᠭᠠᠬᠤ ᠪᠡᠯᠡᠳᠬᠡᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠬᠢᠨ | ᠵᠥᠪ ᠬᠡᠷᠡᠭᠯᠡᠬᠦ ᠶᠢ ᠵᠢᠭᠠᠨ ᠵᠢᠯᠣᠭᠤᠳᠴᠤ᠂ ᠪᠠᠴᠢᠮ ᠪᠠᠶᠢᠳᠠᠯ ᠢ ᠬᠡᠷᠬᠢᠨ ᠠᠷᠭᠠᠴᠠᠬᠤ ᠲᠤᠬᠠᠶ ᠬᠠᠮᠢᠶ᠎ᠠ ᠪᠥᠬᠦᠶ ᠨᠢᠭᠡᠴᠡ ᠶᠢ | ᠣᠶᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ | | ᠠᠮᠤᠷ ᠲᠦᠪᠰᠢᠨ ᠲᠠᠶᠢᠱᠠᠨ ᠠᠭᠤᠯᠠᠨ ᠠᠴᠠ ᠬᠦᠨᠳᠦ᠃ ᠲᠣᠰ ᠤᠳᠠᠭᠠᠨ ᠤ ᠪᠠᠶᠢᠴᠠᠭᠠᠯᠲᠠ ᠨᠢ ᠢᠳᠡᠭᠡᠨ ᠤᠮᠳᠠᠭᠠᠨ ᠤ | ᠲᠠᠯᠠᠪᠤᠷ ᠭᠠᠵᠠᠷ ᠢ ᠰᠢᠪᠠᠳᠠᠨ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠶᠤᠯ | ᠥᠬᠡᠶ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠳᠠᠯᠳᠠ ᠬᠡᠮ ᠪᠣᠯ ᠳᠠᠷᠤᠶ ᠠᠳᠡᠯ ᠮᠥᠨ︾ | ᠭᠡᠬᠦ ᠲᠦᠭᠰᠢᠭᠦᠷᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ |