【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠴᠠᠭᠠᠨ ᠣᠷᠣᠰ ᠤᠨ ᠴᠣᠺᠣᠯᠠᠳ᠋ ᠰᠢᠬᠢᠷ ᠤᠨ ᠪᠦᠲᠦᠭᠡᠭᠳᠡᠬᠦᠨ ᠢ ᠠᠩᠬ᠎ᠠ ᠤᠳᠠᠭ᠎ᠠ ᠣᠷᠣᠭᠤᠯᠪᠠ
ᠨᠡᠶᠢᠲᠡᠯᠡᠭᠰᠡᠨ ᠴᠠᠭ᠄
2023/6/26
     6 ᠰᠠᠷ᠎ᠠ ᠶᠢᠨ 21 ᠤ ᠡᠳᠦᠷ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠴᠠᠭᠠᠨ ᠣᠷᠣᠰ ᠤᠨ ᠴᠣᠺᠣᠯᠠᠳ᠋ ᠪᠠ ᠰᠢᠬᠢᠷ ᠢ ᠳᠦᠭᠦᠷᠲᠡᠯ᠎ᠡ ᠲᠡᠭᠡᠭᠡᠭᠰᠡᠨ ᠬᠦᠢᠲᠡᠨ ᠬᠡᠯᠬᠢᠶᠡᠲᠦ ᠪᠠᠷᠠᠭᠠᠨ ᠤ ᠲᠡᠷᠭᠡ ᠶᠢ ᠤᠭᠲᠤᠨ ᠠᠪᠴᠢᠷᠠᠯ᠎ᠠ᠃ ᠡᠨᠡ ᠪᠣᠯ ᠡᠷᠢᠶᠡᠨ ᠪᠣᠭᠤᠮᠲᠠ ᠳᠤ ᠠᠩᠬ᠎ᠠ ᠤᠳᠠᠭ᠎ᠠ ᠴᠠᠭᠠᠨ ᠣᠷᠣᠰ ᠤᠨ ᠦᠢᠯᠡᠳᠬᠦᠨ ᠢ ᠭᠠᠳᠠᠭᠠᠳᠤ ᠠᠴᠠ ᠣᠷᠣᠭᠤᠯᠤᠭᠰᠠᠨ ᠪᠥᠭᠡᠳ ᠴᠠᠭᠠᠨ ᠣᠷᠣᠰ ᠤᠨ ᠦᠢᠯᠡᠳᠬᠦᠨ ᠤ ᠵᠠᠮ ᠪᠦᠬᠦ ᠲᠠᠯ᠎ᠠ ᠪᠠᠷ ᠨᠡᠪᠲᠡᠷᠡᠭᠰᠡᠨ ᠢ ᠬᠠᠷᠠᠭᠤᠯᠵᠤ ᠪᠠᠶᠢᠨ᠎ᠠ᠃    ᠲᠠᠨᠢᠯᠴᠠᠭᠤᠯᠤᠭᠰᠠᠨ ᠢᠶᠠᠷ᠂ ᠡᠳᠡᠭᠡᠷ ᠡᠳ᠋ ᠪᠠᠷᠠᠭ᠎ᠠ ᠨᠢ ᠪᠧᠯᠤᠷᠦ᠋ᠰᠢᠶ᠎ᠠ ᠶᠢᠨ ᠤᠯᠤᠰ ᠤᠨ ᠣᠷᠳᠣᠨ ︵ᠬᠠᠩᠵᠧᠦ ᠶᠢᠨ ᠮᠣᠮᠧᠨ᠋ᠽᠢ ᠶᠢᠨ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ︶ ᠠᠴᠠ ᠢᠷᠡᠵᠦ᠂ ᠪᠠᠷᠠᠭᠠᠨ ᠤ ᠬᠦᠨᠳᠦ ᠨᠢ 20 ᠲᠣᠨ᠂ ᠪᠠᠷᠠᠭᠠᠨ ᠤ ᠥᠷᠲᠡᠭ ᠨᠢ 78 ᠲᠦᠮᠡᠨ ᠲᠥᠭᠦᠷᠢᠭ ᠪᠣᠯᠤᠨ᠎ᠠ᠃ ᠲᠣᠰ ᠪᠦᠯᠦᠭ ᠪᠠᠷᠠᠭ᠎ᠠ ᠶᠢ ᠡᠷᠢᠶᠡᠨ ᠬᠤᠲᠠ ᠶᠢᠨ ᠬᠢᠯᠢ ᠠᠯᠤᠰᠯᠠᠭᠰᠠᠨ ᠡᠯᠧᠺᠲ᠋ᠣᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ TIR ᠺᠠᠷᠲ ᠤᠨ ᠬᠦᠢᠲᠡᠨ ᠬᠡᠯᠬᠢᠶᠡᠲᠦ ᠲᠡᠭᠡᠭᠡᠪᠦᠷᠢ ᠪᠠᠷ ᠳᠠᠮᠵᠢᠨ᠂ 2023 ᠣᠨ ᠤ 6 ᠰᠠᠷ᠎ᠠ ᠶᠢᠨ 6 ᠤ ᠡᠳᠦᠷ ᠪᠧᠯᠤᠷᠦ᠋ᠰ ᠲᠤ ᠲᠡᠷᠭᠡᠨ ᠳᠤ ᠲᠡᠭᠡᠭᠡᠵᠦ᠂ ᠣᠷᠣᠰ᠂ ᠮᠣᠩᠭᠤᠯ ᠤᠯᠤᠰ ᠢᠶᠠᠷ ᠳᠠᠮᠵᠢᠨ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠳᠤ ᠬᠦᠷᠴᠦ᠂ ᠪᠥᠬᠦ ᠵᠠᠮ ᠢᠶᠠᠷ ᠢᠶᠠᠨ 8000 ᠺᠢᠯᠣᠮᠧᠲᠷ ᠪᠠᠶᠢᠵᠤ᠂ ᠵᠥᠭᠡᠭᠡᠪᠦᠷᠢᠯᠡᠬᠦ ᠴᠠᠭ ᠨᠢ 12 ᠡᠳᠦᠷ ᠪᠣᠯᠤᠨ᠎ᠠ᠃    ᠴᠣᠺᠣᠯᠠᠳ᠋᠂ ᠰᠢᠬᠢᠷ ᠨᠢ ᠲᠢᠭ ᠲᠤᠭ᠂ ᠵᠢᠩ ᠲᠦᠩ᠂ ᠬᠤᠷᠳᠤᠨ ᠭᠠᠷ ᠵᠡᠷᠭᠡ ᠤᠯᠤᠰ ᠤᠨ ᠳᠣᠲᠣᠭᠠᠳᠤ ᠳᠤ ᠢᠯᠭᠠᠵᠤ ᠪᠦᠷᠢᠳᠭᠡᠬᠦ ᠪᠠᠷ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号