| | 6 ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠭᠠᠶᠢᠯᠢ ᠶᠢᠨ ᠪᠣᠭᠤᠮᠲᠠ ᠶᠢᠨ ᠨᠠᠮ ᠤᠨ ᠬᠤᠷᠢᠶᠠᠨ ᠤ | ᠱᠦᠵᠢ᠂ ᠪᠣᠭᠤᠮᠲᠠ ᠶᠢᠨ ᠳᠠᠷᠤᠭ᠎ᠠ ᠯᠢ ᠵᠢᠶᠠᠨ ᠸᠧᠶ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ | ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ᠂ | ᠡᠷᠢᠶᠡᠨ ᠭᠠᠶᠢᠯᠢ ᠶᠢᠨ ᠪᠣᠭᠤᠮᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | | ᠯᠢ ᠵᠢᠶᠠᠨ ᠸᠧᠢ ᠨᠠᠷ ᠬᠥᠬᠡᠬᠤᠲᠠ ᠶᠢᠨ ᠲᠡᠮᠦᠷ ᠵᠠᠮ ᠤᠨ ᠭᠠᠳᠠᠭᠠᠳᠦ ᠠᠷᠠᠯᠵᠢᠶ᠎ᠠ ᠶᠢᠨ ᠮᠣᠳᠣᠨ ᠮᠠᠲ᠋ᠧᠷᠢᠶᠠᠯ | ᠪᠣᠯᠪᠠᠰᠤᠷᠠᠭᠤᠯᠵᠤ ᠬᠥᠮᠥᠷᠭᠡᠯᠡᠨ ᠬᠠᠳᠠᠭᠠᠯᠠᠬᠤ ᠪᠣᠭᠤᠮᠲᠠ ᠶᠢᠨ ᠬᠢᠨᠠᠨ ᠬᠠᠮᠢᠶᠠᠷᠬᠤ ᠲᠣᠭᠤᠷᠢᠭ᠂ ᠣᠯᠠᠨ ᠤᠯᠤᠰ ᠤᠨ | ᠵᠢᠭᠤᠯᠴᠢᠯᠠᠯ ᠤᠨ ᠡᠷᠡᠭᠦᠯ ᠬᠠᠮᠠᠭᠠᠯᠠᠯ ᠡᠷᠡᠭᠦᠯᠵᠢᠯ ᠤᠨ ᠲᠥᠪ᠂ ᠡᠷᠢᠶᠡᠨ ᠭᠠᠶᠢᠯᠢ ᠶᠢᠨ ᠪᠣᠭᠤᠮᠲᠠ ᠶᠢᠨ ᠬᠢᠨᠠᠨ | ᠡᠵᠡᠮᠳᠡᠵᠦ ᠵᠢᠯᠣᠭᠤᠳᠬᠤ ᠲᠥᠪ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠭᠰᠡᠨ ᠪᠥᠭᠡᠳ ᠡᠷᠢᠶᠡᠨ ᠭᠠᠶᠢᠯᠢ ᠶᠢᠨ ᠪᠣᠭᠤᠮᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | | | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠵᠢᠶᠠᠨ ᠸᠧᠢ᠂ ᠡᠷᠢᠶᠡᠨ ᠭᠠᠶᠢᠯᠢ ᠶᠢᠨ ᠪᠣᠭᠤᠮᠲᠠ ᠶᠢᠨ ᠬᠢᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠭᠠᠶᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶ᠎ᠠ ᠪᠣᠯᠣᠨ | ᠬᠥᠬᠡᠬᠤᠲᠠ ᠶᠢᠨ ᠭᠠᠶᠢᠯᠢ ᠶᠢᠨ ᠪᠣᠭᠤᠮᠲᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠤᠯᠤᠰ ᠤᠨ | ᠡᠭᠦᠳᠡ ᠪᠠᠨ ᠰᠠᠶᠢᠲᠤᠷ ᠰᠠᠬᠢᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠵᠦ | ᠪᠠᠲᠤᠯᠠᠬᠤ ᠬᠡᠷᠡᠭᠲᠡᠢ᠃ ᠶᠡᠷᠦᠩᠬᠡᠶ ᠵᠠᠬᠢᠷᠭ᠎ᠠ ᠶᠢᠨ ᠥᠭᠡᠷᠡᠴᠢᠯᠡᠯᠲᠡ ᠶᠢᠨ ᠠᠯᠬᠤᠮ ᠢ ᠴᠢᠩᠭ᠎ᠠ ᠳᠠᠭᠠᠵᠤ᠂ ︽ | ᠤᠶᠤᠨᠲᠤ ᠪᠣᠭᠤᠮᠲᠠ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠠᠵᠤ ᠠᠬᠤᠶᠢᠯᠠᠯ ᠤᠨ | ᠨᠡᠪᠲᠡᠷᠡᠯᠴᠡᠬᠦ ᠲᠠᠪᠴᠠᠩ ᠢ ᠰᠠᠶᠢᠲᠤᠷ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ︽ | ᠭᠠᠳᠠᠭᠰᠢ ᠭᠠᠷᠴᠤ︾᠂ ᠣᠷᠣᠨ ᠨᠤᠲᠤᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ | ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠢᠵᠢᠭ ᠤᠨ ᠪᠠᠶᠢᠴᠠᠭᠠᠯᠲᠠ ᠶᠢᠨ ᠰᠡᠷᠭᠡᠶᠢᠯᠡᠯᠲᠡ ᠶᠢᠨ | ᠱᠤᠭᠤᠮ ᠢ ᠡᠷᠡᠰ ᠪᠠᠲᠤ ᠴᠣᠭᠴᠠᠯᠠᠵᠤ᠂ ᠬᠢᠯᠢ ᠶᠢᠨ ᠭᠠᠳᠠᠨᠠᠬᠢ ᠠᠮᠢᠲᠠᠨ ᠤᠷᠭᠤᠮᠠᠯ ᠤᠨ ᠬᠢᠵᠢᠭ ᠡᠪᠡᠳᠴᠢᠨ ᠪᠠ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠵᠦ᠂ ᠤᠯᠤᠰ ᠤᠨ ᠡᠭᠦᠳᠡᠨ ᠤ ᠠᠮᠢᠳᠤ | ᠪᠣᠳᠠᠰ ᠤᠨ ᠠᠮᠤᠷ ᠲᠦᠪᠰᠢᠨ ᠢ ᠪᠠᠲᠤᠯᠠᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠭᠠᠶᠢᠯᠢ ᠶᠢᠨ ᠪᠣᠭᠤᠮᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ | | | ᠸᠠᠩ ᠰᠠᠨ ᠱᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠬᠥᠬᠡᠬᠤᠲᠠ ᠶᠢᠨ | ᠭᠠᠶᠢᠯᠢ ᠶᠢᠨ ᠪᠣᠭᠤᠮᠲᠠ ᠳᠠᠬᠢ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠶᠢᠰᠢᠳᠠ ᠶᠢᠨ | ᠭᠠᠶᠢᠯᠢ ᠶᠢᠨ ᠪᠣᠭᠤᠮᠲᠠ ᠶᠢᠨ ᠬᠢᠨ ᠭᠠᠷ ᠬᠤᠯᠪᠣᠯᠴᠠᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠭᠦᠢᠴᠡᠳ | ᠰᠠᠶᠢᠲᠤᠷ ᠬᠡᠷᠡᠭᠯᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠵᠡᠭᠦᠯᠬᠦ ᠲᠦᠷᠦ ᠶᠢᠨ ᠪᠤᠳᠤᠯᠭ᠎ᠠ ᠶᠢᠨ | ᠳᠡᠮᠵᠢᠯᠭᠡ ᠪᠠ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ | ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠭᠠᠶᠢᠯᠢ ᠶᠢᠨ ᠪᠣᠭᠤᠮᠲᠠ ᠶᠢᠨ ᠥᠨᠳᠥᠷ ᠲᠦᠪᠰᠢᠨ ᠪᠦᠬᠦᠢ | ᠨᠡᠭᠡᠭᠡᠯᠲᠡ ᠲᠠᠢ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠨᠡᠩ ᠰᠠᠶᠢᠲᠤᠷ ᠠᠬᠢᠭᠤᠯᠬᠤ ᠶᠢ ᠬᠦᠰᠡᠪᠡ᠃ |