| | 6 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠶᠢᠨ 2023 ᠣᠨ ᠤ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠰᠢᠯᠭᠠᠯᠲᠠ ᠵᠢᠴᠢ ᠨᠠᠢᠮᠠᠳᠤᠭᠠᠷ ᠣᠨ ᠤ ᠭᠠᠵᠠᠷ ᠵᠦᠶ᠂ | ᠠᠮᠢᠳᠤ ᠪᠣᠳᠠᠰ ᠤᠨ ᠰᠤᠷᠤᠯᠭ᠎ᠠ ᠲᠡᠭᠦᠰᠬᠦ ᠰᠢᠯᠭᠠᠯᠲᠠ ᠶᠢ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠡᠬᠢᠯᠡᠬᠦᠯᠵᠦ᠂ | ᠰᠢᠯᠭᠠᠯᠲᠠ ᠶᠢᠨ ᠲᠠᠯᠠᠪᠠᠢ ᠳᠤ ᠣᠷᠣᠵᠤ ᠰᠢᠨ᠎ᠡ ᠥᠷᠢᠰᠥᠯᠳᠦᠭᠡᠨ ᠢ ᠤᠭᠲᠤᠪᠠ᠃ | ᠰᠢᠯᠭᠠᠯᠲᠠ ᠶᠢᠨ ᠠᠩᠬᠠᠨ ᠤ ᠡᠳᠦᠷ᠂ ᠰᠢᠯᠭᠠᠯᠲᠠ ᠶᠢᠨ ᠴᠡᠭ ᠤᠨ ᠳᠣᠲᠣᠷ᠎ᠠ ᠭᠠᠳᠠᠨᠠᠬᠢ ᠡᠮᠬᠢ ᠳᠢᠭᠯᠢᠮ ᠲᠠᠢ ᠪᠠᠶᠢᠵᠤ᠂ | ᠴᠥᠭᠡᠨ ᠪᠤᠰᠤ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ ᠠᠯᠢ ᠡᠷᠲᠡ ᠬᠦᠷᠴᠦ ᠬᠦᠯᠢᠶᠡᠪᠡ᠃ ᠵᠠᠷᠢᠮ ᠨᠢ | ᠴᠤᠭᠯᠠᠷᠠᠨ ᠬᠠᠷᠢᠯᠴᠠᠨ ᠬᠦᠴᠦᠯᠡᠵᠦ ᠡᠷᠴᠢ ᠵᠣᠷᠢᠭ ᠢᠶᠠᠨ ᠬᠥᠪᠴᠢᠯᠡᠪᠡ ᠃ | ᠰᠢᠯᠭᠠᠯᠲᠠ ᠶᠢᠨ ᠲᠠᠯᠠᠪᠤᠷ ᠠᠴᠠ ᠭᠠᠳᠠᠨ᠎ᠠ᠂ ᠰᠢᠯᠭᠠᠯᠲᠠ ᠳᠤ ᠬᠦᠷᠭᠡᠭᠰᠡᠨ ᠬᠡᠷ ᠤᠨ ᠠᠬᠠᠮᠠᠳ ᠪᠣᠯᠤᠨ ᠪᠠᠭᠰᠢ ᠨᠠᠷ | ᠬᠥᠨᠳᠡᠯᠡᠨ ᠪᠢᠴᠢᠭᠡᠰᠦ ᠡᠷᠭᠦᠵᠦ᠂ ᠰᠢᠯᠭᠠᠭᠴᠢᠳ ᠲᠤ ᠡᠷᠴᠢ ᠵᠣᠷᠢᠭ ᠬᠥᠪᠴᠢᠯᠡᠵᠦ᠂ ᠰᠠᠶᠢᠨ ᠰᠠᠶᠢᠬᠠᠨ ᠵᠥᠩᠨᠡᠯ | ᠳᠡᠪᠰᠢᠭᠦᠯᠪᠡ᠃ | ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠸᠠᠩ ᠹᠸᠢ ᠬᠡᠯᠡᠬᠦ ᠳᠡᠭᠡᠨ᠄ ︽ᠭᠤᠷᠪᠠᠨ ᠵᠢᠯ ᠤᠨ | ᠴᠢᠷᠮᠠᠶᠢᠯᠭ᠎ᠠ ᠪᠠᠷ ᠳᠡᠮᠵᠢᠨ᠂ ᠬᠡᠦᠬᠡᠳ ᠤᠳ ᠬᠥᠮᠦᠨ ᠤ ᠠᠮᠢᠳᠤᠷᠠᠯ ᠤᠨ ᠴᠢᠬᠤᠯᠠ ᠴᠠᠭ ᠮᠥᠴᠡ ᠪᠠᠨ ᠤᠭᠲᠤᠨ | ᠠᠪᠴᠢᠷᠠᠵᠤ᠂ ᠬᠡᠦᠬᠡᠳ ᠤᠳ ᠥᠪᠡᠷ ᠤᠨ ᠰᠤᠷᠤᠯᠴᠠᠭᠰᠠᠨ ᠣᠯᠤᠯᠲᠠ ᠪᠠᠨ ᠭᠦᠢᠴᠡᠳ ᠪᠠᠳᠠᠷᠠᠭᠤᠯᠬᠤ ᠶᠢ ᠬᠦᠰᠡᠵᠦ ᠪᠠᠶᠢᠨ᠎ᠠ | ︾ ᠭᠡᠵᠡᠶ᠃ | ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢᠯᠭᠠᠯᠲᠠ ᠳᠠᠭᠤᠰᠬᠤ ᠶᠢᠨ ᠳᠠᠭᠠᠤ ᠬᠡᠯᠡᠨ ᠤ ᠲᠥᠷᠥᠯ ᠤᠨ | ᠰᠢᠯᠭᠠᠯᠲᠠ ᠳᠠᠭᠤᠰᠪᠠ᠃ ᠰᠢᠯᠭᠠᠭᠰᠠᠳ ᠰᠢᠯᠭᠠᠯᠲᠠ ᠶᠢᠨ ᠲᠠᠯᠠᠪᠤᠷ ᠠᠴᠠ ᠭᠠᠷᠬᠤ ᠪᠤᠶᠤ ᠠᠪᠤ ᠡᠵᠢ ᠶᠢᠨ ᠢᠶᠠᠨ | ᠵᠣᠷᠢᠭᠵᠢᠭᠤᠯᠤᠯ ᠢ ᠬᠦᠯᠢᠶᠡᠬᠦ ᠪᠤᠶᠤ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠦᠷᠢᠶᠡᠯᠡᠨ ᠬᠠᠷᠢᠯᠴᠠᠬᠤ᠂ ᠡᠰᠡᠬᠦᠯ᠎ᠡ | ᠬᠠᠮᠲᠤ ᠰᠤᠷᠤᠭᠴᠢᠳ ᠲᠠᠢ ᠰᠢᠯᠭᠠᠯᠲᠠ ᠶᠢᠨ ᠬᠠᠭᠤᠳᠠᠰᠤ ᠶᠢ ᠰᠤᠳᠤᠯᠤᠨ ᠶᠠᠷᠢᠯᠴᠠᠵᠤ ᠪᠠᠶᠢᠨ᠎ᠠ᠃ | ᠰᠢᠯᠭᠠᠭᠤᠯᠤᠭᠴᠢ ᠯᠦᠸᠧ ᠬᠤᠤ ᠽᠧ ᠬᠡᠯᠡᠭᠰᠡᠨ ᠨᠢ᠄ ︽ᠬᠡᠯᠡ ᠪᠢᠴᠢᠭ ᠤᠨ ᠰᠢᠯᠭᠠᠯᠲᠠ ᠬᠢᠵᠦ ᠳᠠᠭᠤᠰᠤᠭᠰᠠᠨ ᠤ | ᠳᠠᠷᠠᠭ᠎ᠠ ᠨᠡᠯᠢᠶᠡᠳ ᠰᠠᠶᠢᠨ ᠰᠠᠨᠠᠭᠳᠠᠵᠤ᠂ ᠰᠡᠳᠦᠪ ᠨᠢ ᠨᠡᠯᠢᠶᠡᠳ ᠵᠦᠶ ᠵᠣᠬᠢᠰᠲᠠᠶ ᠰᠠᠨᠠᠭᠳᠠᠵᠤ ᠪᠠᠶᠢᠨ᠎ᠠ᠃ | ᠰᠤᠷᠤᠭᠴᠢᠳ ᠤᠨ ᠰᠢᠯᠭᠠᠯᠲᠠ ᠤᠷᠤᠭᠰᠢᠲᠠᠶ ᠪᠠᠶᠢᠬᠤ ᠶᠢ ᠵᠥᠩᠨᠡᠵᠦ᠂ ᠪᠠᠭᠰᠢ ᠶᠢᠨ ᠨᠠᠷᠢᠨ ᠨᠢᠮᠪᠠᠶ ᠬᠥᠮᠦᠵᠢᠭᠦᠯᠦᠯ ᠪᠠ | ᠴᠢᠷᠮᠠᠶᠢᠨ ᠰᠤᠷᠭᠠᠭᠰᠠᠨ ᠳᠤ ᠲᠠᠯᠠᠷᠬᠠᠵᠤ ᠪᠠᠶᠢᠨ᠎ᠠ︾ ᠭᠡᠵᠡᠶ᠃ | ᠣᠶᠢᠯᠠᠭᠠᠭᠰᠠᠨ ᠢᠶᠠᠷ᠂ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ | ᠰᠤᠷᠤᠯᠭ᠎ᠠ ᠶᠢᠨ ᠰᠢᠯᠭᠠᠯᠲᠠ ᠵᠢᠴᠢ ᠨᠠᠢᠮᠠᠳᠤᠭᠠᠷ ᠣᠨ ᠤ ᠭᠠᠵᠠᠷ ᠵᠦᠶ᠂ ᠠᠮᠢᠳᠤ ᠪᠣᠳᠠᠰ ᠤᠨ ᠰᠤᠷᠤᠯᠭ᠎ᠠ ᠲᠡᠭᠦᠰᠬᠦ | ᠰᠢᠯᠭᠠᠯᠲᠠ ᠶᠢᠨ ᠰᠢᠯᠭᠠᠯᠲᠠ 3 ᠡᠳᠦᠷ ᠤᠨ ᠬᠤᠭᠤᠴᠠᠭ᠎ᠠ ᠲᠠᠢ᠃ ᠮᠠᠨ ᠤ ᠬᠤᠲᠠ ᠳᠤ ᠨᠡᠶᠢᠲᠡ 674 ᠬᠥᠮᠥᠨ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠰᠢᠯᠭᠠᠯᠲᠠ ᠳᠤ ᠣᠷᠣᠯᠴᠠᠵᠤ᠂ 644 ᠬᠥᠮᠥᠨ | ᠨᠠᠢᠮᠠᠳᠤᠭᠠᠷ ᠣᠨ ᠤ ᠭᠠᠵᠠᠷ ᠵᠦᠢ᠂ ᠠᠮᠢᠳᠤ ᠪᠣᠳᠠᠰ ᠤᠨ ᠰᠤᠷᠤᠯᠭ᠎ᠠ ᠲᠡᠭᠦᠰᠬᠦ ᠰᠢᠯᠭᠠᠯᠲᠠ ᠳᠤ ᠣᠷᠣᠯᠴᠠᠵᠠᠢ᠃ |