【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ 5 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 700 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2023/6/27
  ᠡᠨᠡ ᠵᠢᠯ ᠤᠨ ᠲᠦᠷᠦᠭᠦᠦ 5 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 731.7 ᠲᠦᠮᠡᠨ ᠲᠤᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 74.4% ᠨᠡᠮᠡᠭᠳᠡᠵᠡᠢ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 597.3 ᠲᠦᠮᠡᠨ ᠲᠣᠨ ᠳᠤ ᠬᠦᠷᠴᠦ᠂ 87.5% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠬᠡᠮᠵᠢᠶ᠎ᠡ 134.4 ᠲᠦᠮᠡᠨ ᠲᠣᠨ ᠳᠤ ᠬᠦᠷᠴᠦ᠂ 33.1% ᠪᠠᠷ ᠨᠡᠮᠡᠭᠳᠡᠪᠡ᠃    
   ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠪᠣᠳᠠᠲᠠᠶ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号