ᠥᠨᠥᠳᠦᠷ᠂ ᠮᠠᠨ ᠤ ᠬᠤᠲᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ  ᠳᠡᠬᠦᠰᠬᠦ ᠰᠢᠯᠭᠠᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2023/6/27
 
  6 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠶᠢᠨ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠰᠢᠯᠭᠠᠯᠲᠠ ᠵᠢᠴᠢ ᠨᠠᠢᠮᠠᠳᠤᠭᠠᠷ ᠣᠨ ᠤ ᠭᠠᠵᠠᠷ ᠵᠦᠶ᠂ ᠠᠮᠢᠳᠤ ᠪᠣᠳᠠᠰ ᠤᠨ ᠰᠤᠷᠤᠯᠭ᠎ᠠ ᠲᠡᠭᠦᠰᠬᠦ ᠰᠢᠯᠭᠠᠯᠲᠠ ᠶᠢ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠡᠬᠢᠯᠡᠬᠦᠯᠵᠦ᠂ ᠰᠢᠯᠭᠠᠯᠲᠠ ᠶᠢᠨ ᠲᠠᠯᠠᠪᠠᠢ ᠳᠤ ᠣᠷᠣᠵᠤ ᠰᠢᠨ᠎ᠡ ᠥᠷᠢᠰᠥᠯᠳᠦᠭᠡᠨ ᠢ ᠤᠭᠲᠤᠪᠠ᠃    ᠰᠢᠯᠭᠠᠯᠲᠠ ᠶᠢᠨ ᠠᠩᠬᠠᠨ ᠤ ᠡᠳᠦᠷ᠂ ᠰᠢᠯᠭᠠᠯᠲᠠ ᠶᠢᠨ ᠴᠡᠭ ᠤᠨ ᠳᠣᠲᠣᠷ᠎ᠠ ᠭᠠᠳᠠᠨᠠᠬᠢ ᠡᠮᠬᠢ ᠳᠢᠭᠯᠢᠮ ᠲᠠᠢ ᠪᠠᠶᠢᠵᠤ᠂ ᠴᠥᠭᠡᠨ ᠪᠤᠰᠤ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ ᠠᠯᠢ ᠡᠷᠲᠡ ᠬᠦᠷᠴᠦ ᠬᠦᠯᠢᠶᠡᠪᠡ᠃ ᠵᠠᠷᠢᠮ ᠨᠢ ᠴᠤᠭᠯᠠᠷᠠᠨ ᠬᠠᠷᠢᠯᠴᠠᠨ ᠬᠦᠴᠦᠯᠡᠵᠦ ᠡᠷᠴᠢ ᠵᠣᠷᠢᠭ ᠢᠶᠠᠨ ᠬᠥᠪᠴᠢᠯᠡᠪᠡ  ᠃    ᠰᠢᠯᠭᠠᠯᠲᠠ ᠶᠢᠨ ᠲᠠᠯᠠᠪᠤᠷ ᠠᠴᠠ ᠭᠠᠳᠠᠨ᠎ᠠ᠂ ᠰᠢᠯᠭᠠᠯᠲᠠ ᠳᠤ ᠬᠦᠷᠭᠡᠭᠰᠡᠨ ᠬᠡᠷ ᠤᠨ ᠠᠬᠠᠮᠠᠳ ᠪᠣᠯᠤᠨ ᠪᠠᠭᠰᠢ ᠨᠠᠷ ᠬᠥᠨᠳᠡᠯᠡᠨ ᠪᠢᠴᠢᠭᠡᠰᠦ ᠡᠷᠭᠦᠵᠦ᠂ ᠰᠢᠯᠭᠠᠭᠴᠢᠳ ᠲᠤ ᠡᠷᠴᠢ ᠵᠣᠷᠢᠭ ᠬᠥᠪᠴᠢᠯᠡᠵᠦ᠂ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃    ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠸᠠᠩ ᠹᠸᠢ ᠬᠡᠯᠡᠬᠦ ᠳᠡᠭᠡᠨ᠄ ︽ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠬᠡᠦᠬᠡᠳ ᠤᠳ ᠬᠥᠮᠦᠨ ᠤ ᠠᠮᠢᠳᠤᠷᠠᠯ ᠤᠨ ᠴᠢᠬᠤᠯᠠ ᠴᠠᠭ ᠮᠥᠴᠡ ᠪᠠᠨ ᠤᠭᠲᠤᠨ ᠠᠪᠴᠢᠷᠠᠵᠤ᠂ ᠬᠡᠦᠬᠡᠳ ᠤᠳ ᠥᠪᠡᠷ ᠤᠨ ᠰᠤᠷᠤᠯᠴᠠᠭᠰᠠᠨ ᠣᠯᠤᠯᠲᠠ ᠪᠠᠨ ᠭᠦᠢᠴᠡᠳ ᠪᠠᠳᠠᠷᠠᠭᠤᠯᠬᠤ ᠶᠢ ᠬᠦᠰᠡᠵᠦ ᠪᠠᠶᠢᠨ᠎ᠠ︾ ᠭᠡᠵᠡᠶ᠃    ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢᠯᠭᠠᠯᠲᠠ ᠳᠠᠭᠤᠰᠬᠤ ᠶᠢᠨ ᠳᠠᠭᠠᠤ  ᠬᠡᠯᠡᠨ ᠤ ᠲᠥᠷᠥᠯ ᠤᠨ ᠰᠢᠯᠭᠠᠯᠲᠠ ᠳᠠᠭᠤᠰᠪᠠ᠃ ᠰᠢᠯᠭᠠᠭᠰᠠᠳ ᠰᠢᠯᠭᠠᠯᠲᠠ ᠶᠢᠨ ᠲᠠᠯᠠᠪᠤᠷ ᠠᠴᠠ ᠭᠠᠷᠬᠤ ᠪᠤᠶᠤ ᠠᠪᠤ ᠡᠵᠢ ᠶᠢᠨ ᠢᠶᠠᠨ ᠵᠣᠷᠢᠭᠵᠢᠭᠤᠯᠤᠯ ᠢ ᠬᠦᠯᠢᠶᠡᠬᠦ ᠪᠤᠶᠤ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠬᠦᠷᠢᠶᠡᠯᠡᠨ ᠬᠠᠷᠢᠯᠴᠠᠬᠤ᠂ ᠡᠰᠡᠬᠦᠯ᠎ᠡ ᠬᠠᠮᠲᠤ ᠰᠤᠷᠤᠭᠴᠢᠳ ᠲᠠᠢ ᠰᠢᠯᠭᠠᠯᠲᠠ ᠶᠢᠨ ᠬᠠᠭᠤᠳᠠᠰᠤ ᠶᠢ ᠰᠤᠳᠤᠯᠤᠨ ᠶᠠᠷᠢᠯᠴᠠᠵᠤ ᠪᠠᠶᠢᠨ᠎ᠠ᠃    ᠰᠢᠯᠭᠠᠭᠤᠯᠤᠭᠴᠢ ᠯᠦᠸᠧ ᠬᠤᠤ ᠽᠧ ᠬᠡᠯᠡᠭᠰᠡᠨ ᠨᠢ᠄ ︽ᠬᠡᠯᠡ ᠪᠢᠴᠢᠭ ᠤᠨ ᠰᠢᠯᠭᠠᠯᠲᠠ ᠬᠢᠵᠦ ᠳᠠᠭᠤᠰᠤᠭᠰᠠᠨ ᠤ ᠳᠠᠷᠠᠭ᠎ᠠ ᠨᠡᠯᠢᠶᠡᠳ ᠰᠠᠶᠢᠨ ᠰᠠᠨᠠᠭᠳᠠᠵᠤ᠂ ᠰᠡᠳᠦᠪ ᠨᠢ ᠨᠡᠯᠢᠶᠡᠳ ᠵᠦᠶ ᠵᠣᠬᠢᠰᠲᠠᠶ ᠰᠠᠨᠠᠭᠳᠠᠵᠤ ᠪᠠᠶᠢᠨ᠎ᠠ᠃ ᠰᠤᠷᠤᠭᠴᠢᠳ ᠤᠨ ᠰᠢᠯᠭᠠᠯᠲᠠ ᠤᠷᠤᠭᠰᠢᠲᠠᠶ ᠪᠠᠶᠢᠬᠤ ᠶᠢ ᠵᠥᠩᠨᠡᠵᠦ᠂ ᠪᠠᠭᠰᠢ ᠶᠢᠨ ᠨᠠᠷᠢᠨ ᠨᠢᠮᠪᠠᠶ ᠬᠥᠮᠦᠵᠢᠭᠦᠯᠦᠯ ᠪᠠ ᠴᠢᠷᠮᠠᠶᠢᠨ ᠰᠤᠷᠭᠠᠭᠰᠠᠨ ᠳᠤ ᠲᠠᠯᠠᠷᠬᠠᠵᠤ ᠪᠠᠶᠢᠨ᠎ᠠ︾ ᠭᠡᠵᠡᠶ᠃    ᠣᠶᠢᠯᠠᠭᠠᠭᠰᠠᠨ ᠢᠶᠠᠷ᠂ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠰᠢᠯᠭᠠᠯᠲᠠ ᠵᠢᠴᠢ ᠨᠠᠢᠮᠠᠳᠤᠭᠠᠷ ᠣᠨ ᠤ ᠭᠠᠵᠠᠷ ᠵᠦᠶ᠂ ᠠᠮᠢᠳᠤ ᠪᠣᠳᠠᠰ ᠤᠨ ᠰᠤᠷᠤᠯᠭ᠎ᠠ ᠲᠡᠭᠦᠰᠬᠦ ᠰᠢᠯᠭᠠᠯᠲᠠ ᠶᠢᠨ ᠰᠢᠯᠭᠠᠯᠲᠠ 3 ᠡᠳᠦᠷ ᠤᠨ ᠬᠤᠭᠤᠴᠠᠭ᠎ᠠ ᠲᠠᠢ᠃ ᠮᠠᠨ ᠤ ᠬᠤᠲᠠ ᠳᠤ ᠨᠡᠶᠢᠲᠡ 674 ᠬᠥᠮᠥᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠰᠢᠯᠭᠠᠯᠲᠠ ᠳᠤ ᠣᠷᠣᠯᠴᠠᠵᠤ᠂ 644 ᠬᠥᠮᠥᠨ ᠨᠠᠢᠮᠠᠳᠤᠭᠠᠷ ᠣᠨ ᠤ ᠭᠠᠵᠠᠷ ᠵᠦᠢ᠂ ᠠᠮᠢᠳᠤ ᠪᠣᠳᠠᠰ ᠤᠨ ᠰᠤᠷᠤᠯᠭ᠎ᠠ ᠲᠡᠭᠦᠰᠬᠦ ᠰᠢᠯᠭᠠᠯᠲᠠ ᠳᠤ ᠣᠷᠣᠯᠴᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号