ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠡᠮᠡᠭᠡ ᠰᠠᠭᠠᠯᠢ ᠶᠢᠨ ᠦᠢᠯᠡᠰ ᠮᠠᠯᠴᠢᠳ ᠤᠨ | ᠪᠠᠶᠠᠵᠢᠬᠤ ᠳᠤ ᠬᠦᠴᠦᠨ ᠨᠡᠮᠡᠷᠢᠯᠡᠨ᠎ᠡ᠃ 6 ᠰᠠᠷ᠎ᠠ ᠶᠢᠨ 25 ᠤ ᠡᠳᠦᠷ᠂ ᠡᠷᠢᠶᠡᠨ ᠬᠤᠳᠠ ᠶᠢᠨ ᠶᠢᠨ ᠬᠠᠨ | ᠲᠡᠮᠡᠭᠡᠨ ᠤ ᠦᠢᠯᠡᠰ ᠤᠨ ᠲᠡᠮᠡᠭᠡᠨ ᠰᠦ ᠶᠢᠨ ᠦᠷᠲᠡᠭᠡ ᠡᠭᠦᠳᠡ ᠪᠠᠨ ᠨᠡᠭᠡᠭᠡᠵᠦ ᠵᠣᠴᠢᠨ ᠤᠭᠲᠤᠪᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠲᠠᠷᠢᠶᠠᠯᠠᠩ ᠤᠨ ᠬᠦᠴᠦᠷᠬᠡᠭ ᠤᠯᠤᠰ ᠢ | ᠲᠦᠷᠭᠡᠪᠴᠢᠯᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ | ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ ᠬᠥᠭᠵᠢᠯ ᠮᠠᠨᠳᠤᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ ᠭᠡᠵᠦ | ᠵᠢᠭᠠᠵᠤ ᠭᠠᠷᠭᠠᠪᠠ᠃ ᠶᠢᠨ ᠬᠠᠨ ᠲᠡᠮᠡᠭᠡᠨ ᠤ ᠦᠢᠯᠡᠰ ᠤᠷᠢᠳᠴᠢᠯᠠᠭᠰᠠᠨ ᠡᠵᠡᠩᠨᠡᠯᠲᠡ ᠶᠢᠨ ᠪᠠᠶᠢᠯᠳᠤᠬᠤ ᠪᠣᠳᠣᠯᠭ᠎ᠠ | ᠪᠣᠯᠣᠨ ᠥᠨᠳᠥᠷ ᠪᠠᠷᠢᠮᠵᠢᠶᠠᠲᠤ ᠮᠡᠷᠭᠡᠵᠢᠯ ᠤᠨ ᠲᠥᠬᠦᠭᠡᠷᠦᠮᠵᠢ ᠶᠢ ᠬᠡᠷᠡᠭᠯᠡᠵᠦ᠂ ᠪᠣᠭᠤᠮᠲᠠ ᠶᠢᠨ ᠲᠡᠮᠡᠭᠡᠨ ᠰᠦ ᠶᠢᠨ | ᠦᠢᠯᠡᠰ ᠤᠨ ᠴᠣ᠋ ᠰᠢᠨ᠎ᠡ ᠪᠠᠶᠢᠳᠠᠯ ᠢ ᠵᠢᠩᠬᠢᠨᠢ ᠪᠠᠷ ᠡᠬᠢᠯᠡᠭᠦᠯᠪᠡ᠃ ᠠᠵᠤ ᠠᠬᠤᠶᠢᠯᠠᠯ ᠤᠨ ᠠᠰᠢᠭᠯᠠᠯᠲᠠ ᠳᠤ | ᠣᠷᠣᠬᠤ ᠶᠢ ᠳᠠᠭᠠᠯᠳᠤᠨ᠂ ᠮᠠᠨ ᠤ ᠬᠤᠲᠠ ᠶᠢᠨ ᠲᠡᠮᠡᠭᠡ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠬᠠᠮᠲᠤ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ᠂ ᠠᠵᠢᠯ | ᠣᠯᠭᠤᠯᠲᠠ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ | ᠲᠠᠯ᠎ᠠ ᠪᠠᠷ ᠳᠠᠶᠢᠴᠢᠯᠠᠬᠤ ᠦᠢᠯᠡᠳᠦᠯ ᠦᠵᠡᠭᠦᠯᠬᠦ ᠪᠣᠯᠣᠨ᠎ᠠ᠃ | ᠶᠢᠨ ᠬᠠᠨ ᠲᠡᠮᠡᠭᠡᠨ ᠤ ᠦᠢᠯᠡᠰ ᠤᠨ ᠬᠠᠷᠢᠭᠤᠴᠠᠯᠭᠠᠲᠠᠨ ᠠᠴᠠ᠄ ︽ᠳᠠᠷᠠᠭᠠᠴᠢ ᠶᠢᠨ ᠠᠯᠬᠤᠮ ᠳᠤ᠂ | ᠮᠠᠯᠴᠢᠳ ᠲᠠᠢ ᠬᠠᠮᠲᠤᠷᠠᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ | ᠮᠠᠯᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ︾ ᠭᠡᠵᠦ ᠬᠡᠯᠡᠪᠡ᠃ | |