| 6 ᠰᠠᠷ᠎ᠠ ᠶᠢᠨ 26 ᠤ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠰᠢ ᠶᠢᠨ ᠫᠢᠩ | ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢ ᠰᠤᠷᠤᠯᠴᠠᠬᠤ ᠵᠢᠴᠢ ᠪᠥᠬᠦ | ᠬᠤᠲᠠ ᠶᠢᠨ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠺᠠᠳ᠋ᠷᠴᠤᠳ ᠤᠨ | ᠪᠣᠯᠪᠠᠰᠤᠷᠠᠯ ᠤᠨ ᠬᠤᠷᠠᠯ ᠡᠷᠭᠢᠯᠡᠪᠡ᠃ | | | ᠪᠣᠯᠪᠠᠰᠤᠷᠠᠯ ᠨᠢ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ | ᠪᠣᠳᠢ ᠶᠢᠨ ᠲᠣᠭᠤᠷᠢᠨ ᠳᠤ᠂ ᠭᠤᠣᠯᠳᠠᠭᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ | ᠰᠢᠨᠵᠢᠯᠡᠬᠦ ᠤᠬᠠᠭᠠᠨᠴᠢ ᠪᠠᠷ ᠣᠶᠢᠯᠠᠭᠠᠬᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠠᠴᠠ | ᠭᠤᠣᠯᠳᠠᠯᠭ᠎ᠠ ᠲᠠᠢ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ | ᠪᠣᠳᠢ ᠶᠢ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠭᠦᠨᠵᠡᠭᠡᠢ | ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠭᠡᠷ ᠪᠦᠯᠢ ᠶᠢᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠬᠤᠯᠠᠴᠢᠯᠠᠬᠤ ᠵᠡᠷᠭᠡ ᠴᠢᠬᠤᠯᠠ ᠥᠭᠦᠯᠡᠯᠲᠡ ᠲᠠᠢ ᠠᠭᠤᠰᠤᠯᠴᠠᠭᠤᠯᠵᠤ᠂ ᠥᠷᠭᠡᠨ ᠤᠯᠠᠨ ᠡᠮᠡᠭᠲᠡᠶᠢᠴᠦᠳ ᠢ | ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠴᠠᠭ ᠦᠶ᠎ᠡ ᠶᠢᠨ ᠪᠢᠴᠢᠭᠯᠡᠭᠴᠢ᠂ ᠬᠦᠰᠡᠯ ᠵᠡᠭᠦᠳᠦ ᠪᠠᠨ | ᠬᠥᠭᠡᠭᠡᠴᠡᠯᠳᠦᠭᠴᠢ ᠪᠣᠯᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠠᠭᠠᠰ ᠲᠡᠭᠷᠢ ᠶᠢᠨ ᠶᠡᠭᠡ ᠦᠢᠯᠡᠳᠦᠯ | ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠪᠣᠯᠪᠠᠰᠤᠷᠠᠯ ᠤᠨ ᠠᠭᠤᠯᠭ᠎ᠠ ᠡᠯᠪᠡᠭ ᠪᠠᠶᠠᠯᠢᠭ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠢᠯᠡᠷᠬᠡᠶᠢᠯᠡᠬᠦ ᠳᠡᠭᠡᠨ᠂ ᠲᠣᠰ | ᠤᠳᠠᠭᠠᠨ ᠤ ᠪᠣᠯᠪᠠᠰᠤᠷᠠᠯ ᠳᠤ ᠣᠷᠣᠯᠴᠠᠭᠠᠳ ᠶᠡᠭᠡ ᠣᠯᠣᠯᠲᠠ ᠲᠠᠢ ᠶᠤᠮ᠂ ᠬᠤᠶᠢᠰᠢᠳᠠ ︽ᠰᠢ ᠶᠢᠨ ᠫᠢᠩ ᠤᠨ | ᠵᠣᠬᠢᠶᠠᠯ ᠤᠨ ᠰᠣᠩᠭᠤᠮᠠᠯ︾ ᠢ ᠭᠦᠨᠵᠡᠭᠡᠢ ᠣᠶᠢᠯᠠᠭᠠᠨ ᠰᠤᠷᠤᠯᠴᠠᠵᠤ᠂ ᠥᠷᠭᠡᠨ ᠣᠯᠠᠨ ᠡᠮᠡᠭᠲᠡᠶᠢᠴᠦᠳ ᠢ | ᠪᠦᠯᠬᠦᠮᠳᠡᠭᠦᠯᠦᠨ ᠳᠠᠭᠠᠭᠤᠯᠵᠤ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠨ᠎ᠠ ᠭᠡᠵᠡᠢ᠃ | | |