| | 6 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠨᠡᠭᠦᠳᠡᠯ ᠺᠣᠮᠫᠠᠨᠢ ᠶᠢᠨ ᠰᠢᠰᠲ᠋ᠧᠮ ᠤᠨ ᠬᠤᠷᠠᠮᠠᠯ | ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠽᠧ ᠸᠧᠨ | ᠨᠠᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠡᠨᠡ ᠬᠤᠭᠤᠴᠠᠭᠠᠨ ᠳᠤ᠂ ᠮᠠᠨ ᠤ ᠬᠤᠲᠠ | ᠰᠠᠭᠤᠳᠠᠯ ᠤᠨ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠵᠠᠩ ᠶᠦᠩ ᡁᠢ | ᠣᠷᠣᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠤᠶᠠᠷ ᠲᠠᠯ᠎ᠠ ᠪᠠᠷ ᠢᠶᠠᠨ ᠵᠠᠰᠠᠭ ᠤᠨ | ᠣᠷᠳᠣᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠨ ᠶᠠᠷᠢᠯᠴᠠᠪᠠ᠃ | ᠵᠠᠩ ᠶᠦᠩ ᡁᠢ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠵᠦ᠂ ᠬᠠᠮᠲᠤᠪᠠᠷ ᠠᠰᠢᠭ ᠬᠦᠷᠳᠡᠬᠦ | ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ | ᠲᠣᠬᠢᠶᠠᠯ ᠪᠣᠯᠭᠠᠵᠤ᠂ ᠮᠡᠷᠭᠡᠵᠢᠯ᠂ ᠲᠠᠪᠴᠠᠩ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠴᠢᠨᠠᠷ ᠰᠠᠶᠢᠲᠠᠢ | ᠮᠡᠳᠡᠭᠡ ᠵᠠᠩᠭᠢ ᠶᠢᠨ ᠮᠡᠷᠭᠡᠵᠢᠯ᠂ ᠦᠢᠯᠡᠳᠬᠦᠨ ᠪᠠ ᠦᠢᠯᠡᠴᠢᠯᠡᠭᠡ ᠶᠢ ᠬᠠᠩᠭᠠᠵᠤ᠂ ᠬᠤᠶᠠᠷ ᠲᠠᠯ᠎ᠠ ᠪᠠᠷ ᠢᠶᠠᠨ | ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ | ᠭᠡᠵᠡᠢ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠪᠠ᠃ | |