| | 6 ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ | ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠡᠷᠬᠢᠯᠡᠭᠴᠢ ᠯᠦ ᠪᠦᠦ ᠳ᠋ᠦᠩ ᠵᠠᠮ ᠤᠨ | ᠡᠭᠦᠳᠡ ᠬᠤᠳᠠ ᠶᠢᠨ ᠳᠠᠷᠤᠭ᠎ᠠ ᠪ᠊ · ᠠᠩᠬᠠᠪᠠᠶᠠᠷ ᠲᠠᠢ ᠮᠠᠨ ᠤ ᠬᠤᠳᠠ ᠪᠣᠯᠣᠨ ᠵᠠᠮ ᠤᠨ ᠡᠭᠦᠳᠡ ᠬᠤᠳᠠ ᠶᠢᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠬᠡᠯᠡᠯᠴᠡᠭᠡ ᠬᠢᠵᠡᠢ᠃ | ᠬᠤᠲᠠ ᠶᠢᠨ ᠤᠳᠤᠷᠢᠳᠤᠯᠭ᠎ᠠ ᠾᠧᠦ ᠶᠠᠨ ᠮᠢᠨ᠂ ᠵᠠᠩ ᠶᠦᠩ ᡁᠢ ᠬᠤᠷᠠᠯ ᠳᠤ ᠣᠷᠣᠯᠴᠠᠪᠠ᠃ | | | ᠯᠦ ᠪᠦᠦ ᠳ᠋ᠦᠩ ᠠᠴᠠ᠂ ᠳᠤᠮᠳᠠᠳᠤ ᠮᠣᠩᠭᠤᠯ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠣᠭᠰᠠᠨ | ᠨᠥᠬᠦᠷᠰᠡᠭ ᠬᠥᠷᠰᠢ ᠤᠯᠤᠰ ᠪᠣᠯᠣᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠣᠯ ᠳᠤᠮᠳᠠᠳᠤ ᠮᠣᠩᠭᠤᠯ | ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠳᠤᠮᠳᠠᠳᠤ ᠮᠣᠩᠭᠤᠯ ᠬᠤᠶᠠᠷ | ᠤᠯᠤᠰ ᠤᠨ ᠬᠠᠮᠲᠤᠷᠠᠯᠴᠠᠭᠠᠨ ᠤ ᠴᠢᠬᠤᠯᠠ ᠬᠦᠷᠢᠶ᠎ᠡ ᠮᠥᠨ᠃ ᠡᠷᠢᠶᠡᠨ ᠬᠤᠲᠠ ᠪᠣᠯᠣᠨ ᠵᠠᠮ ᠤᠨ ᠡᠭᠦᠳᠡ ᠪᠣᠯ ᠬᠤᠶᠠᠷ | ᠤᠯᠤᠰ ᠤᠨ ᠭᠠᠳᠠᠭᠠᠳᠤ ᠨᠡᠭᠡᠭᠡᠯᠲᠡ ᠶᠢᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠣᠨ᠎ᠠ᠂ ᠡᠷᠢᠶᠡᠨ ᠬᠤᠳᠠ | ᠪᠣᠯᠣᠨ ᠵᠠᠮ ᠤᠨ ᠡᠭᠦᠳᠡ ᠬᠤᠶᠠᠷ ᠬᠤᠳᠠ ᠶᠢᠨ ᠬᠤᠭᠤᠷᠣᠨᠳᠤ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ | ᠬᠠᠮᠲᠤᠪᠠᠷ ᠪᠠᠶᠢᠭᠤᠯᠬᠤ ᠶᠢ ᠰᠦᠪᠡᠭᠴᠢᠯᠡᠬᠦ ᠪᠠᠷ ᠳᠠᠮᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠪᠠᠷ ᠳᠠᠮᠵᠢᠭᠤᠯᠵᠤ᠂ | ᠳᠤᠮᠳᠠᠳᠤ ᠮᠣᠩᠭᠤᠯ ᠤᠨ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ | ᠰᠣᠯᠢᠯᠴᠠᠭ᠎ᠠ ᠬᠠᠮᠲᠤᠷᠠᠯᠴᠠᠭ᠎ᠠ ᠳᠤ ᠬᠦᠴᠦᠨ ᠴᠢᠳᠠᠯ ᠢᠶᠠᠨ ᠡᠷᠭᠦᠵᠦ᠂ ᠲᠤᠷᠰᠢᠯᠭ᠎ᠠ ᠰᠦᠪᠡᠭᠴᠢᠯᠡᠵᠦ᠂ ᠦᠯᠢᠭᠡᠷ ᠵᠢᠱᠢᠶ᠎ᠡ | ᠬᠠᠩᠭᠠᠬᠤ ᠪᠣᠯᠣᠨ᠎ᠠ᠃ ᠡᠭᠦᠨ ᠤ ᠬᠠᠮᠲᠤ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢ | ᠠᠬᠤᠢ ᠶᠢᠨ ᠣᠷᠴᠢᠨ ᠨᠥᠬᠦᠴᠡᠯ ᠤᠨ ᠶᠠᠮᠤᠨ ᠪᠠ ᠮᠣᠩᠭᠤᠯ ᠤᠯᠤᠰ ᠤᠨ ᠪᠠᠶᠢᠭᠠᠯᠢ ᠶᠢᠨ ᠣᠷᠴᠢᠨ ᠨᠥᠬᠦᠴᠡᠯ ᠪᠣᠯᠣᠨ | ᠵᠢᠭᠤᠯᠴᠢᠯᠠᠯ ᠤᠨ ᠶᠠᠮᠤᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠲᠤᠷᠠᠯᠴᠠᠭᠠᠨ ᠤ ᠲᠤᠬᠠᠢ ᠣᠶᠢᠯᠠᠭᠠᠯᠴᠠᠭ᠎ᠠ ᠶᠢᠨ | ᠰᠠᠨᠠᠭᠤᠯᠤᠮᠵᠢ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ | | | | ᠪ᠊ · ᠠᠩᠬᠠᠪᠠᠶᠠᠷ ᠠᠴᠠ᠂ ᠡᠷᠢᠶᠡᠨ ᠬᠤᠳᠠ ︱ ᠵᠠᠮ ᠤᠨ ᠡᠭᠦᠳᠡ ᠶᠢᠨ ᠳᠤᠮᠳᠠᠳᠤ ᠮᠣᠩᠭᠤᠯ ᠤᠨ ᠠᠮᠢ ᠠᠬᠤᠢ ᠶᠢᠨ | ᠪᠣᠯᠪᠠᠰᠤᠨ ᠢ ᠬᠠᠮᠲᠤᠪᠠᠷ ᠪᠠᠶᠢᠭᠤᠯᠬᠤ ᠲᠤᠷᠰᠢᠯᠲᠠ ᠶᠢᠨ ᠣᠷᠣᠨ ᠢ ᠰᠦᠪᠡᠭᠴᠢᠯᠡᠨ ᠪᠠᠶᠢᠭᠤᠯᠬᠤ ᠨᠢ ᠣᠷᠴᠢᠨ ᠲᠣᠭᠤᠷᠢᠨ ᠤ | ᠬᠠᠮᠢᠶᠠᠷᠤᠯᠲᠠ ᠶᠢᠨ ᠴᠢᠳᠠᠪᠤᠷᠢ ᠶᠢ ᠬᠠᠮᠲᠤᠪᠠᠷ ᠳᠡᠭᠡᠭᠰᠢᠯᠡᠭᠦᠯᠵᠦ᠂ ᠬᠤᠶᠠᠷ ᠲᠠᠯ᠎ᠠ ᠶᠢᠨ ᠣᠷᠣᠨ ᠪᠦᠰᠡ ᠶᠢᠨ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠠᠰᠢᠭᠲᠠᠢ ᠶᠤᠮ᠃ ᠬᠤᠶᠠᠷ ᠲᠠᠯ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠵᠣᠯᠭᠠᠭᠤᠯᠤᠨ ᠨᠠᠶᠢᠳᠠᠪᠤᠷᠢᠵᠢᠭᠤᠯᠵᠤ᠂ ᠰᠣᠯᠢᠯᠴᠠᠭ᠎ᠠ ᠶᠢ ᠠᠬᠢᠭᠤᠯᠬᠤ ᠪᠠᠨ | ᠴᠢᠩᠭᠠᠳᠬᠠᠵᠤ᠂ ᠲᠤᠰ ᠤᠳᠠᠭ᠎ᠠ ᠶᠢᠨ ᠬᠤᠷᠠᠯ ᠤᠨ ᠦᠷ᠎ᠡ ᠪᠦᠲᠦᠭᠡᠯ ᠢ ᠤᠯᠠᠮ ᠴᠢᠨᠠᠭᠰᠢᠳᠠ ᠰᠠᠶᠢᠲᠤᠷ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠪᠡ᠃ | | | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ︽ᠡᠷᠢᠶᠡᠨ ᠬᠤᠲᠠ ︱ ᠵᠠᠮ ᠤᠨ ᠡᠭᠦᠳᠡ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠬᠢᠭᠡᠳ ᠬᠠᠮᠲᠤᠷᠠᠯᠴᠠᠭ᠎ᠠ ᠰᠣᠯᠢᠯᠴᠠᠭ᠎ᠠ ᠬᠡᠯᠡᠯᠴᠡᠭᠡ ᠶᠢᠨ ᠰᠠᠨᠠᠭᠤᠯᠤᠮᠵᠢ︾ ᠳᠤ ᠭᠠᠷ ᠤᠨ ᠥᠰᠥᠭ ᠵᠢᠷᠤᠪᠠ᠃ | |