ᠯᠦ ᠪᠦᠦ ᠳ᠋ᠦᠩ ᠪ᠊ · ᠠᠩᠬᠠᠪᠠᠶᠠᠷ ᠲᠠᠢ ᠳᠤᠮᠳᠠᠳᠤ ᠮᠣᠩᠭᠤᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/6/29
     6 ᠰᠠᠷ᠎ᠠ ᠶᠢᠨ 27  ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠡᠷᠬᠢᠯᠡᠭᠴᠢ ᠯᠦ ᠪᠦᠦ ᠳ᠋ᠦᠩ ᠵᠠᠮ ᠤᠨ ᠡᠭᠦᠳᠡ ᠬᠤᠳᠠ ᠶᠢᠨ ᠳᠠᠷᠤᠭ᠎ᠠ ᠪ᠊ · ᠠᠩᠬᠠᠪᠠᠶᠠᠷ ᠲᠠᠢ ᠮᠠᠨ ᠤ ᠬᠤᠳᠠ ᠪᠣᠯᠣᠨ ᠵᠠᠮ ᠤᠨ ᠡᠭᠦᠳᠡ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠬᠡᠯᠡᠯᠴᠡᠭᠡ ᠬᠢᠵᠡᠢ᠃ ᠬᠤᠲᠠ ᠶᠢᠨ ᠤᠳᠤᠷᠢᠳᠤᠯᠭ᠎ᠠ ᠾᠧᠦ ᠶᠠᠨ ᠮᠢᠨ᠂ ᠵᠠᠩ ᠶᠦᠩ ᡁᠢ ᠬᠤᠷᠠᠯ ᠳᠤ ᠣᠷᠣᠯᠴᠠᠪᠠ᠃     ᠯᠦ ᠪᠦᠦ ᠳ᠋ᠦᠩ ᠠᠴᠠ᠂ ᠳᠤᠮᠳᠠᠳᠤ ᠮᠣᠩᠭᠤᠯ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠣᠭᠰᠠᠨ ᠨᠥᠬᠦᠷᠰᠡᠭ ᠬᠥᠷᠰᠢ ᠤᠯᠤᠰ ᠪᠣᠯᠣᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤᠷᠠᠯᠴᠠᠭᠠᠨ ᠤ ᠴᠢᠬᠤᠯᠠ ᠬᠦᠷᠢᠶ᠎ᠡ ᠮᠥᠨ᠃ ᠡᠷᠢᠶᠡᠨ ᠬᠤᠲᠠ ᠪᠣᠯᠣᠨ ᠵᠠᠮ ᠤᠨ ᠡᠭᠦᠳᠡ ᠪᠣᠯ ᠬᠤᠶᠠᠷ ᠤᠯᠤᠰ ᠤᠨ ᠭᠠᠳᠠᠭᠠᠳᠤ ᠨᠡᠭᠡᠭᠡᠯᠲᠡ ᠶᠢᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠣᠨ᠎ᠠ᠂ ᠡᠷᠢᠶᠡᠨ ᠬᠤᠳᠠ ᠪᠣᠯᠣᠨ ᠵᠠᠮ ᠤᠨ ᠡᠭᠦᠳᠡ ᠬᠤᠶᠠᠷ ᠬᠤᠳᠠ ᠶᠢᠨ ᠬᠤᠭᠤᠷᠣᠨᠳᠤ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠬᠠᠮᠲᠤᠪᠠᠷ ᠪᠠᠶᠢᠭᠤᠯᠬᠤ ᠶᠢ ᠰᠦᠪᠡᠭᠴᠢᠯᠡᠬᠦ ᠪᠠᠷ ᠳᠠᠮᠵᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠪᠠᠷ ᠳᠠᠮᠵᠢᠭᠤᠯᠵᠤ᠂ ᠳᠤᠮᠳᠠᠳᠤ ᠮᠣᠩᠭᠤᠯ ᠤᠨ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠰᠣᠯᠢᠯᠴᠠᠭ᠎ᠠ ᠬᠠᠮᠲᠤᠷᠠᠯᠴᠠᠭ᠎ᠠ ᠳᠤ ᠬᠦᠴᠦᠨ ᠴᠢᠳᠠᠯ ᠢᠶᠠᠨ ᠡᠷᠭᠦᠵᠦ᠂ ᠲᠤᠷᠰᠢᠯᠭ᠎ᠠ ᠰᠦᠪᠡᠭᠴᠢᠯᠡᠵᠦ᠂ ᠦᠯᠢᠭᠡᠷ ᠵᠢᠱᠢᠶ᠎ᠡ ᠬᠠᠩᠭᠠᠬᠤ ᠪᠣᠯᠣᠨ᠎ᠠ᠃ ᠡᠭᠦᠨ ᠤ ᠬᠠᠮᠲᠤ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠶᠠᠮᠤᠨ ᠪᠠ ᠮᠣᠩᠭᠤᠯ ᠤᠯᠤᠰ ᠤᠨ ᠪᠠᠶᠢᠭᠠᠯᠢ ᠶᠢᠨ ᠣᠷᠴᠢᠨ ᠨᠥᠬᠦᠴᠡᠯ ᠪᠣᠯᠣᠨ ᠵᠢᠭᠤᠯᠴᠢᠯᠠᠯ ᠤᠨ ᠶᠠᠮᠤᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠲᠤᠷᠠᠯᠴᠠᠭᠠᠨ ᠤ ᠲᠤᠬᠠᠢ ᠣᠶᠢᠯᠠᠭᠠᠯᠴᠠᠭ᠎ᠠ ᠶᠢᠨ ᠰᠠᠨᠠᠭᠤᠯᠤᠮᠵᠢ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃      ᠪ᠊ · ᠠᠩᠬᠠᠪᠠᠶᠠᠷ ᠠᠴᠠ᠂ ᠡᠷᠢᠶᠡᠨ ᠬᠤᠳᠠ ︱ ᠵᠠᠮ ᠤᠨ ᠡᠭᠦᠳᠡ ᠶᠢᠨ ᠳᠤᠮᠳᠠᠳᠤ ᠮᠣᠩᠭᠤᠯ ᠤᠨ ᠠᠮᠢ ᠠᠬᠤᠢ ᠶᠢᠨ ᠪᠣᠯᠪᠠᠰᠤᠨ ᠢ ᠬᠠᠮᠲᠤᠪᠠᠷ ᠪᠠᠶᠢᠭᠤᠯᠬᠤ ᠲᠤᠷᠰᠢᠯᠲᠠ ᠶᠢᠨ ᠣᠷᠣᠨ ᠢ ᠰᠦᠪᠡᠭᠴᠢᠯᠡᠨ ᠪᠠᠶᠢᠭᠤᠯᠬᠤ ᠨᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠴᠢᠳᠠᠪᠤᠷᠢ ᠶᠢ ᠬᠠᠮᠲᠤᠪᠠᠷ ᠳᠡᠭᠡᠭᠰᠢᠯᠡᠭᠦᠯᠵᠦ᠂ ᠬᠤᠶᠠᠷ ᠲᠠᠯ᠎ᠠ ᠶᠢᠨ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠠᠰᠢᠭᠲᠠᠢ ᠶᠤᠮ᠃ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠵᠣᠯᠭᠠᠭᠤᠯᠤᠨ ᠨᠠᠶᠢᠳᠠᠪᠤᠷᠢᠵᠢᠭᠤᠯᠵᠤ᠂ ᠰᠣᠯᠢᠯᠴᠠᠭ᠎ᠠ ᠶᠢ ᠠᠬᠢᠭᠤᠯᠬᠤ ᠪᠠᠨ ᠴᠢᠩᠭᠠᠳᠬᠠᠵᠤ᠂ ᠲᠤᠰ ᠤᠳᠠᠭ᠎ᠠ ᠶᠢᠨ ᠬᠤᠷᠠᠯ ᠤᠨ ᠦᠷ᠎ᠡ ᠪᠦᠲᠦᠭᠡᠯ ᠢ ᠤᠯᠠᠮ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠪᠡ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ︽ᠡᠷᠢᠶᠡᠨ ᠬᠤᠲᠠ ︱ ᠵᠠᠮ ᠤᠨ ᠡᠭᠦᠳᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠬᠠᠮᠲᠤᠷᠠᠯᠴᠠᠭ᠎ᠠ ᠰᠣᠯᠢᠯᠴᠠᠭ᠎ᠠ ᠬᠡᠯᠡᠯᠴᠡᠭᠡ ᠶᠢᠨ ᠰᠠᠨᠠᠭᠤᠯᠤᠮᠵᠢ︾ ᠳᠤ ᠭᠠᠷ ᠤᠨ ᠥᠰᠥᠭ ᠵᠢᠷᠤᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号