︽ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠣᠶ᠎ᠠ︾  ᠡᠨᠡ ᠵᠢᠯ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠥᠨ ᠤ ᠲᠤᠭ᠎ᠠ ᠦᠷᠭᠦᠯᠵᠢᠯᠡᠨ ᠨᠡᠮᠡᠭᠳᠡᠵᠦ ᠪᠠᠶᠢᠨ᠎ᠠ
ᠨᠡᠶᠢᠲᠡᠯᠡᠭᠰᠡᠨ ᠴᠠᠭ᠄
2023/6/29
    ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠪᠦᠷᠢᠳᠬᠡᠯ ᠢ ᠦᠨᠳᠦᠰᠦᠯᠡᠪᠡᠯ᠂ 6 ᠰᠠᠷ᠎ᠠ ᠶᠢᠨ 27 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠥᠰ ᠡᠨᠡ ᠵᠢᠯ 50 ᠲᠦᠮᠡᠨ ᠬᠥᠮᠥᠨ ᠤᠳᠠᠭ᠎ᠠ ᠶᠢ ᠳᠠᠪᠠᠵᠠᠢ᠃ ᠡᠭᠦᠨ ᠳᠤ᠂ ᠬᠢᠯᠢ ᠠᠴᠠ ᠭᠠᠷᠤᠭᠰᠠᠨ ᠨᠢ 24.8 ᠲᠦᠮᠡᠨ ᠬᠥᠮᠥᠨ ᠤᠳᠠᠭ᠎ᠠ᠂ ᠬᠢᠯᠢ ᠪᠠᠷ ᠣᠷᠣᠵᠤ ᠢᠷᠡᠭᠰᠡᠨ ᠨᠢ 25.2 ᠲᠦᠮᠡᠨ ᠬᠥᠮᠥᠨ ᠤᠳᠠᠭ᠎ᠠ ᠪᠠᠶᠢᠵᠤ᠂ ᠬᠢᠯᠢ ᠪᠠᠷ ᠣᠷᠣᠵᠤ ᠭᠠᠷᠬᠤ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃
   ᠡᠷᠢᠶᠡᠨ ᠪᠣᠭᠤᠮᠲᠠ ᠶᠢᠨ ᠳᠥᠭᠦᠮ ᠳᠥᠲᠡ ᠵᠠᠮ ᠬᠠᠷᠢᠯᠴᠠᠭᠠᠨ ᠤ ᠨᠥᠬᠦᠴᠡᠯ ᠪᠣᠯᠣᠨ ᠪᠣᠭᠤᠮᠲᠠ ᠥᠩᠭᠡᠷᠡᠬᠦ ᠲᠠᠭᠠᠯᠠᠮᠵᠢᠲᠠᠢ ᠣᠷᠴᠢᠨ ᠲᠣᠭᠤᠷᠢᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠦᠢ ᠣᠯᠠᠨ ᠠᠶᠠᠨᠴᠢᠳ ᠤᠨ ᠬᠢᠯᠢ ᠪᠠᠷ ᠣᠷᠣᠵᠤ ᠭᠠᠷᠬᠤ ᠶᠢᠨ ᠲᠡᠷᠢᠭᠦᠨ ᠰᠣᠩᠭᠤᠯᠲᠠ ᠶᠢᠨ ᠭᠠᠵᠠᠷ ᠪᠣᠯᠤᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠠᠷᠠᠯᠵᠢᠶ᠎ᠠ᠂ ᠵᠢᠭᠤᠯᠴᠢᠯᠠᠯ ᠪᠠ ᠬᠥᠮᠥᠰ ᠤᠨ ᠶᠠᠪᠤᠯᠴᠠᠭ᠎ᠠ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠨ᠎ᠠ᠃
      ᠳᠤᠮᠳᠠᠳᠤ ᠭᠠᠳᠠᠭᠠᠳᠤ ᠶᠢᠨ ᠬᠥᠮᠥᠰ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠬᠦ ᠶᠢᠨ ᠳᠣᠯᠠᠳᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠣᠭᠤᠮᠲᠠ ᠪᠠᠷ ᠥᠩᠭᠡᠷᠡᠬᠦ ᠰᠠᠭᠠᠳ ᠦᠭᠡᠢ ᠶᠠᠪᠤᠭᠳᠠᠬᠤ ᠶᠢ ᠪᠠᠲᠤᠯᠠᠪᠠ᠃ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾ ᠪᠠᠷ ᠳᠠᠮᠵᠢᠭᠤᠯᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠥᠰ ᠤᠨ ᠴᠤᠪᠤᠷᠠᠯ ᠤᠨ ᠣᠷᠭᠢᠯ ᠦᠶ᠎ᠡ ᠶᠢ ᠤᠷᠢᠳᠴᠢᠯᠠᠨ ᠲᠥᠰᠥᠭᠡᠯᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠥᠷᠭᠡᠨ ᠣᠯᠠᠨ ᠬᠢᠯᠢ ᠪᠠᠷ ᠣᠷᠣᠵᠤ ᠭᠠᠷᠬᠤ ᠠᠶᠠᠨᠴᠢᠳ ᠢ ᠬᠥᠲᠥᠯᠥᠨ ᠵᠢᠯᠤᠭᠤᠳᠴᠤ ᠪᠠᠶᠢᠭᠠᠳ ᠠᠶᠠᠨ ᠵᠠᠮ ᠢ ᠨᠢ ᠵᠦᠢ ᠵᠣᠬᠢᠰᠲᠠᠢ ᠲᠣᠬᠢᠷᠠᠭᠤᠯᠵᠤ᠂ ᠣᠷᠭᠢᠯ ᠦᠶ᠎ᠡ ᠶᠢ ᠵᠥᠷᠢᠭᠦᠯᠦᠨ ᠭᠠᠳᠠᠭᠰᠢ ᠭᠠᠷᠬᠤ ᠶᠢᠨ ᠬᠠᠮᠲᠤ ᠪᠠᠶᠢᠴᠠᠭᠠᠨ ᠰᠢᠯᠭᠠᠬᠤ ᠵᠠᠮ ᠪᠠ ᠲᠦᠷᠭᠡᠨ ᠨᠡᠪᠲᠡᠷᠡᠬᠦ ᠵᠠᠮ ᠢ ︽ᠭᠦᠢᠴᠡᠳ︾ ᠨᠡᠭᠡᠭᠡᠵᠦ᠂ ᠬᠢᠯᠢ ᠪᠠᠷ ᠣᠷᠣᠵᠤ ᠭᠠᠷᠬᠤ ᠠᠶᠠᠨᠴᠢᠳ ᠪᠠ ᠲᠡᠷᠭᠡ ᠬᠥᠰᠬᠡ ᠶᠢᠨ ᠡᠷᠢᠶᠡᠨ ᠪᠣᠭᠤᠮᠲᠠ ᠪᠠᠷ ᠡᠮᠬᠢ ᠵᠢᠷᠤᠮ ᠲᠠᠢ ᠳᠥᠭᠦᠮ ᠳᠥᠲᠡ ᠪᠠᠷ ᠪᠣᠭᠤᠮᠲᠠ ᠥᠩᠭᠡᠷᠡᠬᠦ ᠶᠢ ᠪᠠᠲᠤᠯᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号