| | 6 ᠰᠠᠷ᠎ᠠ ᠶᠢᠨ 28 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ 9 ᠳ᠋ᠣᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 7 ᠳ᠋ᠤᠭᠠᠷ ᠤᠳᠠᠭ᠎ᠠ ᠶᠢᠨ ᠠᠵᠢᠯ ᠤᠨ | ᠲᠣᠭᠲᠠᠮᠠᠯ ᠬᠤᠷᠠᠯ ᠬᠤᠷᠠᠯᠳᠤᠵᠤ᠂ ᠪᠦᠬᠦ ᠬᠤᠳᠠ ᠶᠢᠨ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ | ᠪᠠᠶᠢᠳᠠᠯ ᠢ ᠳ᠋ᠦᠩᠨᠡᠨ ᠵᠠᠳᠠᠯᠵᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠵᠠᠩ ᠶᠢᠩ ᠵᠢᠶᠧ᠂ ᠯᠠᠢ ᠰᠢᠶᠠᠩ | ᠬᠤᠸᠠ᠂ ᠵᠠᠩ ᠶᠦᠩ ᡁᠢ᠂ ᠰᠢᠯᠢᠨᠪᠠᠭᠠᠳᠣᠷ ᠬᠤᠷᠠᠯ ᠳᠤ ᠣᠷᠣᠯᠴᠠᠵᠠᠢ᠃ | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠴᠢᠶᠠᠩ ᠤᠨ ᠨᠢᠩᠰᠢᠶᠠ ᠶᠢᠨ | ᠢᠷᠭᠠᠢ ᠶᠢᠨ ᠰᠢᠷᠠᠯᠭ᠎ᠠ ᠶᠢᠨ ᠳᠡᠯᠭᠡᠭᠦᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ ᠲᠤᠬᠠᠢ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠪᠣᠯᠣᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠡᠷᠢᠶᠡᠨ ᠬᠤᠲᠠ ᠶᠢᠨ ᠬᠤᠲᠠ ᠪᠠᠯᠭᠠᠰᠤᠨ ᠤ | ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ | ᠠᠵᠢᠯᠯᠠᠭᠠᠨ ᠤ ᠲᠥᠰᠥᠯ︾ ︽ᠪᠥᠬᠦ ᠬᠤᠲᠠ ᠶᠢᠨ ᠬᠤᠲᠠ ᠪᠠᠯᠭᠠᠰᠤᠨ ᠤ ᠭᠡᠷ ᠪᠠᠶᠢᠰᠢᠩ ᠤᠨ ᠵᠠᠰᠠᠯ ᠴᠢᠮᠡᠭᠯᠡᠯ ᠤᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ︾ ᠳᠤ ᠲᠠᠶᠢᠯᠤᠮᠵᠢ ᠬᠢᠪᠡ︔ | ᠡᠯ᠎ᠡ ᠳᠡᠳ᠋ ᠬᠤᠳᠠ ᠶᠢᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ | ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢᠶᠠᠨ ᠲᠤᠰ ᠲᠤᠰ ᠬᠠᠷᠢᠭᠤ ᠮᠡᠳᠡᠭᠦᠯᠵᠡᠢ᠃ | ᠯᠦ ᠪᠦᠦ ᠳ᠋ᠦᠩ᠂ ᠠᠶᠤᠯᠭᠦᠢ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ | ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠃ ᠠᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ | ᠠᠳᠡᠯ ᠭᠠᠷᠤᠭᠰᠠᠨ ᠰᠢᠯᠲᠠᠭᠠᠨ ᠢ ᠭᠦᠨᠵᠡᠭᠡᠢ ᠡᠷᠭᠢᠴᠡᠭᠦᠯᠦᠨ ᠪᠣᠳᠣᠯᠬᠢᠯᠠᠵᠤ᠂ ᠤᠯᠤᠰ ᠲᠦᠷᠦ ᠶᠢᠨ ᠤᠬᠠᠮᠰᠠᠷ᠂ | ᠶᠡᠭᠡ ᠲᠠᠯ᠎ᠠ ᠶᠢᠨ ᠤᠬᠠᠮᠰᠠᠷ ᠢ ᠡᠪᠦᠷᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠳᠠᠯᠳᠠ ᠭᠡᠮ ᠪᠣᠯ ᠳᠠᠷᠤᠢ ᠠᠳᠡᠯ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠠᠯᠳᠠ ᠭᠡᠮ | ᠰᠣᠭᠤᠭ ᠢ ᠪᠣᠳᠠᠲᠠᠢ ᠠᠶᠤᠯ ᠲᠦᠭᠰᠢᠭᠦᠷᠢ ᠪᠠᠷ ᠦᠵᠡᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ︾ | ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠲᠤ ᠴᠢᠩᠭ᠎ᠠ ᠪᠣᠳᠠᠲᠠᠢ ᠠᠳᠬᠤᠬᠤ | ᠬᠡᠷᠡᠭᠲᠡᠢ᠃ | ᠯᠦ ᠪᠦᠦ ᠳ᠋ᠦᠩ ᠠᠴᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠣᠶᠢᠷ᠎ᠠ ᠶᠢᠨ ᠬᠤᠭᠤᠴᠠᠭᠠᠨ ᠤ ᠡᠯ᠎ᠡ | ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠵᠤ᠂ ᠰᠢᠲᠠᠮᠠᠬᠠᠢ ᠬᠡᠢ᠂ | ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠨᠡᠭᠦᠷᠡᠰᠦᠨ ᠤ ᠪᠤᠰᠤ ᠠᠭᠤᠷᠬᠠᠢ᠂ ᠰᠣᠶᠣᠯ ᠵᠤᠭᠠᠴᠠᠯ ᠤᠨ ᠠᠵᠢᠯᠯᠠᠭ᠎ᠠ᠂ | ᠬᠥᠮᠥᠨ ᠤᠯᠠᠨ ᠴᠤᠭᠯᠠᠷᠠᠭᠰᠠᠨ ᠭᠠᠵᠠᠷ ᠵᠡᠷᠭᠡ ᠭᠤᠣᠯᠳᠠᠯᠭ᠎ᠠ ᠲᠠᠢ ᠬᠦᠷᠢᠶᠡᠨ ᠤ ᠭᠤᠣᠯᠳᠠᠯᠭ᠎ᠠ ᠲᠠᠢ ᠭᠤᠭᠴᠤᠭ᠎ᠠ ᠶᠢ | ᠴᠢᠩᠭ᠎ᠠ ᠠᠩᠬᠠᠷᠴᠤ᠂ ᠭᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ᠂ ᠪᠠᠶᠢᠩᠭᠤ ᠬᠠᠮᠢᠶᠠᠷᠴᠤ ᠪᠠᠶᠢᠩᠭᠤ | ᠵᠠᠰᠠᠬᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ᠃ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠢ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠠᠳᠠᠯᠢ ᠪᠤᠰᠤ ᠬᠦᠷᠢᠶ᠎ᠡ ᠴᠠᠷᠠᠭ᠎ᠠ ᠶᠢᠨ | ᠣᠨᠴᠠᠯᠢᠭ ᠲᠤ ᠴᠢᠭᠯᠡᠭᠦᠯᠦᠨ᠂ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ | ᠬᠡᠯᠪᠡᠷᠢ ᠪᠠᠷ ᠠᠮᠤᠷ ᠲᠦᠪᠰᠢᠨ ᠤ ᠮᠡᠳᠡᠯᠭᠡ᠂ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠬᠥᠮᠦᠵᠢᠯ ᠪᠣᠯᠪᠠᠰᠤᠷᠠᠯ ᠢ | ᠥᠷᠭᠡᠨ ᠳᠡᠯᠭᠡᠷᠡᠩᠭᠦᠢ ᠥᠷᠨᠢᠭᠦᠯᠵᠦ᠂ ᠬᠤᠳᠠ ᠶᠢᠨ ᠠᠷᠠᠳ ᠤᠯᠠᠨ ᠤ ᠠᠮᠤᠷ ᠲᠦᠪᠰᠢᠨ ᠤ ᠤᠬᠠᠮᠰᠠᠷ᠂ ᠭᠡᠮ | ᠰᠣᠭᠤᠭ ᠢ ᠢᠯᠭᠠᠨ ᠲᠠᠨᠢᠬᠤ ᠵᠢᠴᠢ ᠥᠪᠡᠷ ᠢ ᠪᠠᠨ ᠠᠪᠤᠷᠠᠬᠤ᠂ ᠭᠠᠮᠰᠢᠭ ᠠᠴᠠ ᠵᠠᠶᠢᠯᠠᠵᠤ ᠠᠶᠤᠯ ᠠᠴᠠ ᠵᠠᠶᠢᠯᠠᠬᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ | ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠤᠨ᠂ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ | ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠡᠯ᠎ᠡ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠵᠤ᠂ ᠠᠶᠤᠯᠭᠦᠢ | ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ | ᠃ |