| | ᠡᠷᠢᠶᠡᠨ ᠤ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 6 ᠰᠠᠷ᠎ᠠ ᠶᠢᠨ 26 ᠤ ᠡᠳᠦᠷ ᠪᠣᠯᠲᠠᠯ᠎ᠠ᠂ ᠡᠨᠡ | ᠵᠢᠯ ᠡᠷᠢᠶᠡᠨ ᠤ ᠲᠡᠮᠦᠷ ᠵᠠᠮ ᠤᠨ ᠪᠣᠭᠤᠮᠲᠠ ᠪᠠᠷ ᠳᠡᠮᠵᠢᠨ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ 1500 ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 21.18% ᠪᠠᠷ | ᠨᠡᠮᠡᠭᠳᠡᠪᠡ᠃ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ ᠴᠢᠩᠭᠡᠯᠢᠭ 17.16 ᠲᠦᠮᠡᠨ ᠪᠠᠷᠢᠮᠵᠢᠶᠠᠲᠤ | ᠴᠢᠩᠭᠡᠯᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.19% ᠨᠡᠮᠡᠭᠳᠡᠵᠦ᠂ ᠪᠠᠷᠠᠭᠠᠨ ᠤ ᠬᠦᠨᠳᠦ | 155.86 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.05% ᠨᠡᠮᠡᠭᠳᠡᠵᠦ᠂ | ᠪᠠᠷᠠᠭᠠᠨ ᠤ ᠥᠷᠲᠡᠭ 33.67 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31. | 49% ᠨᠡᠮᠡᠭᠳᠡᠵᠡᠢ᠃ | | | ᠣᠲᠣ ᠪᠣᠯᠲᠠᠯ᠎ᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠠᠬᠢ ᠳᠤᠮᠳᠠᠳᠤ ᠡᠸᠦ᠋ᠷᠦᠫᠡ ᠶᠢᠨ | ᠵᠢᠰᠢᠶᠠᠨ ᠤ ᠴᠤᠪᠤᠭ᠎ᠠ ᠲᠡᠷᠭᠡ ᠶᠢᠨ ᠠᠶᠠᠯᠠᠯ ᠤᠨ ᠱᠤᠭᠤᠮ ᠨᠢᠭᠡᠨᠲᠡ 68 ᠵᠤᠷᠪᠤᠰ ᠪᠣᠯᠵᠤ᠂ ᠭᠧᠷᠮᠠᠨ᠂ ᠫᠤᠯᠠᠨᠳ᠋᠂ | ᠮᠣᠩᠭᠤᠯ ᠤᠯᠤᠰ ᠵᠡᠷᠭᠡ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠢ ᠬᠤᠯᠪᠣᠭᠰᠠᠨ ᠪᠠᠶᠢᠨ᠎ᠠ᠃ | | | ᠡᠷᠢᠶᠡᠨ ᠬᠤᠳᠠ ᠶᠢᠨ ᠪᠣᠭᠤᠮᠲᠠ ᠪᠠᠷ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ | ᠭᠠᠯᠲᠤ ᠲᠡᠷᠭᠡ ᠶᠢᠨ ᠳᠠᠭᠠᠭᠠᠴᠢᠯᠠᠨ ᠲᠡᠭᠡᠭᠡᠪᠦᠷᠢᠯᠡᠬᠦ ᠪᠠᠷᠠᠭ᠎ᠠ ᠡᠳᠦᠷ ᠢᠷᠡᠬᠦᠶ᠎ᠡ ᠡᠯᠪᠡᠭᠵᠢᠵᠦ᠂ ᠲᠡᠭᠡᠭᠡᠪᠦᠷᠢᠯᠡᠨ | ᠬᠦᠷᠭᠡᠬᠦ ᠪᠠᠷᠠᠭ᠎ᠠ ᠨᠢᠭᠡᠨᠲᠡ ᠠᠯᠬᠤᠮ ᠠᠯᠬᠤᠮ ᠢᠶᠠᠷ ᠥᠷᠭᠡᠵᠢᠭᠡᠳ ᠮᠠᠰᠢᠨ ᠲᠡᠷᠭᠡ ᠵᠢᠴᠢ ᠰᠡᠯᠪᠢᠭ ᠲᠤᠨᠤᠭ᠂ | ᠮᠣᠳᠣᠨ ᠮᠠᠲ᠋ᠧᠷᠢᠶᠠᠯ᠂ ᠭᠡᠷ ᠤᠨ ᠬᠡᠷᠡᠭᠰᠡᠯ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ᠂ ᠮᠠᠰᠢᠨ | ᠲᠥᠬᠦᠭᠡᠷᠦᠮᠵᠢ᠂ ᠬᠢᠮᠢ ᠶᠢᠨ ᠪᠣᠷᠳᠣᠭᠤᠷ ᠵᠡᠷᠭᠡ ᠲᠦᠷᠦᠯ ᠵᠦᠢᠯ ᠳᠤ ᠬᠦᠷᠴᠡᠢ᠃ | |