| | 6 ᠰᠠᠷ᠎ᠠ ᠶᠢᠨ 1 ᠤ ᠡᠳᠦᠷ᠂ ᠮᠧᠩ ᠱᠠᠩ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠢᠦᠶ ᠰᠢᠤᠸᠠᠢ ᠵᠥᠩ ᠨᠡᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ | ᠬᠢᠪᠠ᠃ ᠡᠨᠡ ᠬᠤᠭᠤᠴᠠᠭᠠᠨ ᠳᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠳᠠ ᠶᠢᠨ ᠨᠠᠮ ᠤᠨ | ᠬᠤᠷᠢᠶᠠᠨ ᠤ ᠱᠦᠵᠢ ᠸᠠᠩ ᠰᠠᠨ ᠱᠢ ᠢᠦᠢ ᠰᠢᠤᠸᠠᠢ ᠵᠦᠩ ᠨᠡᠷ ᠲᠠᠢ ᠠᠭᠤᠯᠵᠠᠪᠠ᠃ | ᠠᠭᠤᠯᠵᠠᠯᠲᠠ ᠶᠢᠨ ᠳᠤᠮᠳᠠ᠂ ᠸᠠᠩ ᠰᠠᠨ ᠱᠢ ᠮᠠᠨ ᠤ ᠬᠤᠲᠠ ᠶᠢᠨ ᠲᠦᠢᠮᠣ ᠪᠠᠶᠢᠳᠠᠯ᠂ ᠠᠵᠤ ᠠᠬᠤᠶ | ᠨᠡᠶᠢᠭᠡᠮ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠬᠤ ᠳᠤᠭᠤᠶᠢᠯᠠᠩ ᠳᠤ ᠲᠣᠪᠴᠢ | ᠲᠠᠨᠢᠯᠴᠠᠭᠤᠯᠬᠤ ᠶᠢᠨ ᠬᠠᠮᠲᠤ ᠮᠧᠩ ᠱᠠᠩ ᠪᠠᠩᠬᠢ ᠶᠢᠨ ᠣᠷᠳᠣ ᠬᠤᠭᠤᠴᠠᠭᠠᠨ ᠤ ᠲᠤᠷᠰᠢ ᠡᠷᠢᠶᠡᠨ ᠪᠣᠭᠤᠮᠲᠠ ᠶᠢᠨ | ᠬᠥᠭᠵᠢᠯᠲᠡ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ | ᠬᠠᠮᠲᠤ᠂ ᠬᠤᠶᠠᠷ ᠲᠠᠯ᠎ᠠ ᠪᠠᠷ ᠢᠶᠠᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ | ᠵᠣᠯᠭᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠂ | ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ | ᠪᠠᠶᠢᠨ᠎ᠠ ᠭᠡᠵᠡᠶ᠃ | ᠢᠦᠢ ᠰᠢᠤᠸᠠᠢ ᠵᠦᠩ᠂ ᠡᠷᠢᠶᠡᠨ ᠬᠤᠳᠠ ᠨᠢ ᠮᠠᠨ ᠤ ᠤᠯᠤᠰ ᠤᠨ ᠮᠣᠩᠭᠤᠯ ᠳᠤ ᠨᠡᠭᠡᠭᠡᠯᠲᠡ ᠬᠢᠭᠰᠡᠨ | ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠭᠠᠵᠠᠷ ᠵᠦᠢ ᠶᠢᠨ ᠣᠷᠣᠨ | ᠪᠠᠶᠢᠷᠢ ᠶᠢᠨ ᠳᠠᠪᠠᠭᠤᠯᠢᠭ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠤᠨᠴᠠᠯᠢᠬᠳᠤ ᠠᠵᠤ ᠦᠢᠯᠡᠰ ᠤᠨ | ᠲᠦᠷᠦᠯ ᠵᠦᠢᠯ ᠤᠨ ᠲᠣᠭᠤᠷᠢᠨ ᠳᠤ᠂ ᠤᠨᠴᠠᠯᠢᠬᠳᠤ ᠮᠥᠩᠭᠦᠨ ᠭᠦᠢᠯᠭᠡᠭᠡᠨ ᠤ ᠦᠢᠯᠡᠳᠬᠦᠨ ᠢ ᠭᠠᠷᠭᠠᠵᠤ᠂ ᠣᠷᠣᠨ | ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠮᠥᠩᠭᠦᠨ ᠭᠦᠢᠯᠭᠡᠭᠡᠨ ᠤ ᠳᠡᠮᠵᠢᠯᠭᠡ | ᠬᠠᠩᠭᠠᠨ᠎ᠠ ᠭᠡᠵᠦ ᠢᠯᠡᠳᠬᠡᠪᠡ᠃ | ᠢᠦᠢ ᠰᠢᠤᠸᠠᠢ ᠵᠦᠩ ᠨᠠᠷ ᠤᠷᠢᠳ ᠬᠤᠵᠢᠳ ᠯᠢ ᠵᠦᠩ ᠪᠠᠷᠠᠭᠠᠨ ᠤ ᠭᠦᠢᠯᠭᠡᠭᠡ᠂ ᠪᠠᠢ ᠬᠤᠢ ᠶᠤᠸᠠᠨ ᠠᠵᠤ | ᠦᠢᠯᠡᠰ ᠤᠨ ᠺᠣᠮᠫᠠᠨᠢ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠵᠡᠷᠭᠡ | ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ |