ᠰᠠᠶᠢᠬᠤᠰᠦ ᠨᠢᠰᠬᠡᠯ ᠤᠨ ᠪᠠᠭᠤᠳᠠᠯ 5 ᠰᠠᠷ᠎ᠠ ᠳᠤ ᠠᠶᠠᠨᠴᠢᠳ ᠤᠨ ᠵᠣᠷᠴᠢᠬᠤ ᠬᠡᠮᠵᠢᠶ᠎ᠡ ᠢᠯᠡᠳᠲᠡ ᠳᠡᠭᠡᠭᠰᠢᠯᠡᠪᠡ
ᠨᠡᠶᠢᠲᠡᠯᠡᠭᠰᠡᠨ ᠴᠠᠭ᠄
2023/6/6
    ᠰᠠᠶ᠋ᠢᠬᠠᠨ ᠦᠩᠭᠡᠷᠡᠭᠰᠡᠨ 5 ᠰᠠᠷ᠎ᠠ ᠳᠤ᠂ ᠰᠠᠶᠢᠬᠤᠰᠦ ᠨᠢᠰᠬᠡᠯ ᠤᠨ ᠪᠠᠭᠤᠳᠠᠯ 360 ᠡᠭᠡᠯᠵᠢ ᠶᠢᠨ ᠨᠢᠰᠬᠡᠯ ᠤᠨ ᠨᠢᠰᠴᠦ ᠪᠠᠭᠤᠬᠤ ᠶᠢ ᠪᠡᠶᠡᠯᠡᠭᠦᠯᠵᠦ᠂ 18853 ᠬᠥᠮᠦᠨ ᠤᠳᠠᠭ᠎ᠠ ᠶᠢᠨ ᠵᠥᠭᠡᠭᠡᠪᠦᠷᠢ ᠶᠢᠨ ᠠᠶᠠᠨᠴᠢᠳ ᠢ ᠵᠥᠭᠡᠭᠡᠪᠦᠷᠢᠯᠡᠵᠦ᠂ ᠬᠤᠶᠠᠷ ᠵᠦᠢᠯ ᠤᠨ ᠲᠤᠭ᠎ᠠ ᠪᠠᠷᠢᠮᠲᠠ ᠨᠢ ᠲᠤᠰ ᠲᠤᠰ 2019 ᠣᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠤ 168.2% ᠪᠠ 158.1% ᠳᠤ ᠬᠦᠷᠪᠡ᠃    ᠡᠨᠡ ᠵᠢᠯ ᠠᠴᠠ ᠨᠠᠰᠢ᠂ ᠰᠠᠶᠢᠬᠤᠰᠦ ᠨᠢᠰᠬᠡᠯ ᠤᠨ ᠪᠠᠭᠤᠳᠠᠯ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠶᠢᠨ ᠢᠷᠡᠭᠡᠳᠦᠢ ᠶᠢᠨ ᠬᠤᠶᠠᠷ ᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ ᠬᠠᠷᠠᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠭᠤᠣᠯ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ︽ᠬᠤᠯᠪᠣᠯᠳᠤᠨ ᠨᠡᠪᠲᠡᠷᠡᠯᠴᠡᠬᠦ︾ ᠪᠦᠳᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠵᠤ᠂ ᠠᠭᠠᠷ ᠤᠨ ᠠᠶᠠᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ᠂ ᠠᠶᠠᠨᠴᠢᠳ ᠪᠠ ᠪᠠᠷᠠᠭ᠎ᠠ ᠶᠢᠨ ᠦᠢᠯᠡᠳᠬᠦᠨ ᠡᠵᠡᠩᠨᠡᠨ ᠪᠣᠷᠣᠯᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃    ᠠᠭᠠᠷ ᠤᠨ ᠠᠶᠠᠯᠠᠯ ᠤᠨ ᠲᠠᠯ᠎ᠠ ᠪᠠᠷ᠂ ᠪᠡᠭᠡᠵᠢᠩ᠂ ᠲᠢᠶᠠᠨᠵᠢᠨ᠂ ᠴᠧᠩᠳᠦ᠋᠂ ᠢᠷᠭᠠᠶ᠂ ᠬᠥᠬᠡᠬᠤᠲᠠ᠂ ᠪᠤᠭᠤᠲᠤ ᠂ ᠰᠢᠯᠢᠩᠬᠤᠲᠠ᠂ ᠲᠦᠩᠯᠢᠶᠣᠤ᠂ ᠤᠯᠠᠭᠠᠨᠬᠠᠳᠠ᠂ ᠮᠠᠨᠵᠤᠤᠷ ᠵᠡᠷᠭᠡ 10 ᠬᠤᠲᠠ ᠶᠢᠨ ᠠᠶᠠᠯᠠᠯ ᠤᠨ ᠴᠡᠭ ᠢ ᠨᠡᠪᠲᠡᠷᠡᠭᠦᠯᠵᠦ᠂ ᠨᠡᠪᠲᠡᠷᠡᠬᠦ ᠴᠢᠳᠠᠪᠤᠷᠢ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠠᠶᠠᠨᠴᠢᠳ ᠪᠠ ᠪᠠᠷᠠᠭ᠎ᠠ ᠶᠢᠨ ᠡᠵᠡᠩᠨᠡᠨ ᠪᠣᠷᠣᠯᠠᠭᠤᠯᠤᠯᠲᠠ ᠶᠢᠨ ᠲᠠᠯ᠎ᠠ ᠪᠠᠷ᠂ ︽ᠠᠭᠠᠷ ᠤᠨ ᠠᠶᠠᠯᠠᠯ ᠤᠨ ᠵᠢᠭᠤᠯᠴᠢᠯᠠᠯ︾ ᠤᠨ ᠦᠢᠯᠡᠳᠬᠦᠨ ᠢ ᠶᠡᠬᠡᠪᠡᠷ ᠳᠡᠯᠭᠡᠷᠡᠭᠦᠯᠵᠦ᠂ ᠤᠷᠢᠳ ᠬᠤᠵᠢᠳ ᠴᠧᠩᠳᠦ᠋ ᠪᠠᠷ ᠳᠠᠮᠵᠢᠨ ᠡᠷᠢᠶᠡᠨ ᠬᠤᠲᠠ ᠶᠢᠨ ᠬᠢᠯᠢ ᠠᠴᠠ ᠭᠠᠷᠬᠤ ᠮᠣᠩᠭᠤᠯ ᠤᠯᠤᠰ ᠤᠨ ᠰᠢᠷᠢᠰ ᠪᠦᠯᠬᠦᠮ᠂ ᠮᠣᠩᠭᠤᠯ ᠤᠯᠤᠰ ᠤᠨ ᠬᠢᠯᠢ ᠳᠤ ᠣᠷᠣᠬᠤ ᠡᠷᠢᠶᠡᠨ ᠠᠴᠠ ᠪᠤᠭᠤᠲᠤ ᠬᠦᠷᠬᠦ ᠲᠣᠭᠲᠠᠮᠠᠯ ᠬᠤᠭᠤᠴᠠᠭᠠᠲᠤ ᠪᠦᠯᠬᠦᠮ ᠵᠡᠷᠭᠡ ᠠᠭᠠᠷ ᠤᠨ ᠠᠶᠠᠯᠠᠯ ᠤᠨ ᠲᠤᠬᠠᠶᠢᠯᠠᠭᠰᠠᠨ ᠠᠵᠢᠯ ᠢ ᠣᠷᠣᠭᠤᠯᠤᠨ ᠠᠪᠴᠢᠷᠠᠪᠠ︔ ᠠᠭᠠᠷ ᠤᠨ ᠪᠠᠷᠠᠭ᠎ᠠ ᠲᠡᠭᠡᠭᠡᠪᠦᠷᠢ ᠶᠢ ᠢᠳᠡᠪᠬᠢᠲᠡᠢ ᠬᠥᠭᠵᠢᠭᠦᠯᠵᠦ᠂ ᠪᠡᠭᠡᠵᠢᠩ᠂ ᠬᠥᠬᠡᠬᠤᠲᠠ ᠶᠢᠨ ᠠᠭᠠᠷ ᠤᠨ ᠠᠶᠠᠯᠠᠯ ᠤᠨ ᠱᠤᠭᠤᠮ ᠤᠨ ᠱᠦᠨ ᠹᠧᠩ ᠲᠦᠷᠭᠡᠨ ᠬᠦᠷᠭᠡᠬᠦ ᠪᠠᠷᠠᠭ᠎ᠠ ᠶᠢ ᠲᠡᠭᠡᠭᠡᠪᠦᠷᠢᠯᠡᠨ ᠬᠦᠷᠭᠡᠬᠦ ᠳᠤ ᠬᠦᠴᠦᠨ ᠨᠡᠮᠡᠷᠢᠯᠡᠵᠦ᠂ ᠨᠢᠰᠬᠡᠯ ᠤᠨ ᠪᠠᠭᠤᠳᠠᠯ ᠤᠨ ︽ᠵᠢᠮᠢᠰ ᠤᠨ ᠦᠨᠦᠷ ᠠᠮᠲᠠ︾ ᠠᠭᠠᠷ ᠤᠨ ᠠᠶᠠᠯᠠᠯ ᠤᠨ ᠵᠢᠮᠢᠰ ᠤᠨ ᠲᠤᠬᠠᠶᠢᠯᠠᠭᠰᠠᠨ ᠠᠵᠢᠯ ᠢ ᠳᠠᠬᠢᠨ ᠡᠬᠢᠯᠡᠭᠦᠯᠵᠦ᠂ ᠨᠢᠰᠬᠡᠯ ᠤᠨ ᠪᠠᠭᠤᠳᠠᠯ ᠤᠨ ᠭᠠᠷᠠᠮ ᠳᠤ ᠣᠷᠣᠬᠤ ᠡᠭᠡᠯᠵᠢ ᠶᠢᠨ ᠨᠢᠰᠬᠡᠯ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠨᠡᠮᠡᠭᠳᠡᠭᠦᠯᠪᠡ᠃    ᠰᠠᠶᠢᠬᠤᠰᠦ ᠨᠢᠰᠬᠡᠯ ᠤᠨ ᠪᠠᠭᠤᠳᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠥᠪ ᠤᠨ ᠠᠵᠢᠯᠲᠠᠨ ᠳ᠋ᠤᠸᠠᠨ ᠸᠧᠶ ᠵᠢᠶᠧ ᠶᠢᠨ ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠰᠠᠶᠢᠬᠤᠰᠦ ᠨᠢᠰᠬᠡᠯ ᠤᠨ ᠪᠠᠭᠤᠳᠠᠯ ᠲᠡᠭᠡᠭᠡᠪᠦᠷᠢ ᠶᠢᠨ ᠦᠢᠯᠡᠳᠪᠦᠷᠢᠯᠡᠯ ᠤᠨ ᠰᠡᠷᠭᠦᠯᠲᠡ ᠶᠢᠨ ᠰᠠᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠡᠯ᠎ᠡ ᠠᠭᠠᠷ ᠤᠨ ᠱᠤᠭᠤᠮ ᠤᠨ ᠲᠡᠭᠡᠭᠡᠪᠦᠷᠢ ᠶᠢᠨ ᠬᠦᠴᠦᠨ ᠤ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠲᠣᠭᠲᠠᠪᠤᠷᠢᠵᠢᠭᠤᠯᠵᠤ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠡᠵᠡᠩᠨᠡᠨ ᠪᠣᠷᠣᠯᠠᠭᠤᠯᠬᠤ ᠦᠢᠯᠡᠳᠬᠦᠨ ᠢ ᠭᠦᠨᠵᠡᠭᠡᠶ ᠬᠡᠷᠡᠭᠵᠢᠭᠦᠯᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠤ ᠤᠷᠤᠯᠳᠤᠭᠠᠨ ᠳᠤ ᠪᠡᠯᠡᠳᠬᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号