| | 6 ᠰᠠᠷ᠎ᠠ ᠶᠢᠨ 7 ᠤ ᠡᠳᠦᠷ᠂ 2023 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠡᠬᠢᠯᠡᠭᠦᠯᠵᠦ᠂ ᠮᠠᠨ ᠤ ᠬᠤᠲᠠ ᠶᠢᠨ 508 ᠰᠢᠯᠭᠠᠭᠤᠯᠤᠭᠴᠢ ᠢᠷᠡᠭᠡᠳᠦᠶ ᠶᠢᠨ | ᠲᠤᠬᠠᠶ ᠬᠦᠰᠡᠯ ᠡᠷᠡᠮᠡᠯᠵᠡᠯ ᠢᠶᠠᠨ ᠡᠪᠦᠷᠯᠡᠨ᠂ ᠬᠥᠮᠦᠨ ᠤ ᠠᠮᠢᠳᠤᠷᠠᠯ ᠤᠨ ᠠᠩᠬᠠᠳᠤᠭᠠᠷ ᠤᠳᠠᠭᠠᠨ ᠤ ᠶᠡᠭᠡ ᠰᠢᠯᠭᠠᠯᠲᠠ ᠶᠢ | ᠤᠭᠲᠤᠵᠤ ᠪᠠᠶᠢᠨ᠎ᠠ᠃ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠩᠬᠠᠨ ᠤ ᠡᠳᠦᠷ᠂ ᠰᠤᠷᠪᠤᠯᠵᠢᠯᠠᠭᠴᠢ ᠬᠤᠲᠠ ᠶᠢᠨ | ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠮᠠᠰᠢ ᠣᠯᠠᠨ ᠬᠡᠷ ᠤᠨ ᠠᠬᠠᠮᠠᠳ ᠤᠨ ᠪᠠᠷ᠎ᠠ | ᠪᠤᠯᠤᠯᠭ᠎ᠠ ᠲᠠᠢ ᠪᠠᠷ ᠠᠯᠢ ᠡᠷᠲᠡ ᠰᠢᠯᠭᠠᠯᠲᠠ ᠶᠢᠨ ᠴᠡᠭ ᠲᠤ ᠬᠦᠷᠴᠦ ᠭᠠᠳᠠᠨ᠎ᠠ ᠬᠦᠯᠢᠶᠡᠵᠦ ᠪᠠᠶᠢᠬᠤ ᠶᠢ ᠣᠯᠵᠤ ᠬᠠᠷᠠᠪᠠ᠃ | | ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢᠯᠭᠠᠯᠲᠠ ᠳᠠᠭᠤᠰᠬᠤ ᠶᠢᠨ ᠳᠠᠭᠠᠤ ᠬᠡᠯᠡ ᠪᠢᠴᠢᠭ ᠤᠨ | ᠬᠢᠴᠢᠶᠡᠯ ᠲᠥᠷᠥᠯ ᠤᠨ ᠰᠢᠯᠭᠠᠯᠲᠠ ᠳᠠᠭᠤᠰᠪᠠ᠃ ᠵᠠᠷᠢᠮ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠠᠴᠠ ᠲᠦᠷᠭᠡᠨ | ᠭᠠᠷᠴᠤ᠂ ᠵᠠᠷᠢᠮ ᠨᠢ ᠰᠤᠷᠤᠭᠴᠢᠳ ᠲᠠᠢ ᠬᠠᠮᠲᠤ ᠳᠠᠷᠠᠭ᠎ᠠ ᠤᠳᠠᠭᠠᠨ ᠤ ᠰᠢᠯᠭᠠᠯᠲᠠ ᠶᠢᠨ ᠲᠥᠯᠥᠭᠡ ᠬᠦᠴᠦ ᠨᠡᠮᠡᠵᠦ᠂ | ᠵᠠᠷᠢᠮ ᠨᠢ ᠬᠡᠪ ᠤᠨ ᠪᠠᠶᠢᠳᠠᠯ ᠢᠶᠠᠨ ᠪᠠᠳᠠᠷᠠᠭᠤᠯᠵᠤ᠂ ᠲᠠᠷᠠᠭᠠᠴᠢ ᠶᠢᠨ ᠰᠢᠯᠭᠠᠯᠲᠠ ᠶᠢᠨ ᠳᠤᠮᠳᠠ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠮᠠᠨ ᠤ ᠬᠤᠲᠠ ᠳᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠢᠭᠡ ᠰᠢᠯᠭᠠᠯᠲᠠ ᠶᠢᠨ ᠴᠡᠭ ᠭᠠᠷᠭᠠᠵᠤ᠂ ᠨᠡᠶᠢᠲᠡ | 19 ᠰᠢᠯᠭᠠᠯᠲᠠ ᠶᠢᠨ ᠲᠠᠯᠠᠪᠠᠶ ᠪᠠ 2 ᠪᠡᠯᠡᠳᠬᠡᠯ ᠰᠢᠯᠭᠠᠯᠲᠠ ᠶᠢᠨ ᠲᠠᠯᠠᠪᠠᠶ ᠲᠠᠢ᠃ ᠰᠢᠯᠭᠠᠯᠲᠠ ᠶᠢᠨ ᠶᠠᠪᠤᠳᠠᠯ ᠤᠨ | ᠰᠠᠬᠢᠯᠭ᠎ᠠ ᠪᠠᠲᠤ ᠶᠢ ᠴᠢᠩᠳᠠᠯᠠᠬᠤ ᠶᠢᠨ ᠲᠥᠯᠥᠭᠡ᠂ ᠡᠯ᠎ᠡ ᠰᠢᠯᠭᠠᠯᠲᠠ ᠶᠢᠨ ᠲᠠᠯᠠᠪᠠᠢ ᠴᠥᠮ ᠳᠡᠭᠡᠳᠦ ᠲᠣᠳᠣ ᠰᠡᠭᠦᠳᠡᠷᠯᠡᠬᠦ | ᠮᠠᠰᠢᠨ ᠣᠷᠣᠭᠤᠯᠵᠤ᠂ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ ᠪᠠᠷ ᠶᠠᠪᠤᠭᠳᠠᠬᠤ ᠶᠢ ᠪᠠᠲᠤᠯᠠᠪᠠ᠃ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠠᠩᠬᠠᠷᠴᠤ ᠪᠠᠶᠢᠭ᠎ᠠ ᠬᠠᠶᠢᠷ᠎ᠠ ᠬᠠᠯᠠᠮᠵᠢᠲᠤ ᠬᠥᠮᠦᠰ ᠪᠣᠯᠤᠨ ᠠᠵᠤ | ᠠᠬᠤᠶᠢᠯᠠᠯ ᠠᠵᠢᠯ ᠦᠶ᠋ᠯᠡᠰ ᠤᠨ ᠨᠢᠭᠡᠴᠢ ᠶᠢᠨ ᠰᠢᠯᠭᠠᠯᠲᠠ ᠶᠢᠨ ᠴᠡᠭ ᠤᠨ ᠭᠠᠳᠠᠨ᠎ᠠ ︽ᠰᠡᠳᠬᠢᠯ ᠢ ᠳᠤᠯᠠᠭᠠᠴᠠᠭᠤᠯᠬᠤ | ᠰᠢᠯᠭᠠᠯᠲᠠ︾ ᠶᠢᠨ ᠦᠢᠯᠡᠴᠢᠯᠡᠭᠡᠨ ᠤ ᠴᠡᠭ ᠭᠠᠷᠭᠠᠵᠤ᠂ ᠰᠦᠢᠳᠬᠡᠯ ᠬᠤᠷᠢᠶᠠᠬᠤ ᠥᠬᠡᠶ ᠪᠠᠷ ᠷᠠᠰᠢᠶᠠᠨ ᠤᠰᠤ᠂ | ᠪᠢᠴᠢᠭ ᠤᠨ ᠬᠡᠷᠡᠭᠰᠡᠯ ᠵᠡᠷᠭᠡ ᠬᠡᠷᠡᠭᠰᠡᠯ ᠢ ᠲᠠᠷᠬᠠᠭᠠᠵᠤ᠂ ᠰᠣᠷᠣᠭᠴᠢᠳ ᠲᠤ ᠦᠢᠯᠡᠴᠢᠯᠡᠭᠡ ᠬᠠᠩᠭᠠᠵᠤ᠂ ᠪᠣᠳᠠᠲᠤ | ᠠᠵᠢᠯᠯᠠᠭ᠎ᠠ ᠪᠠᠷ ᠢᠶᠠᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ︽ᠪᠠᠲᠤᠯᠠᠬᠤ︾ | ᠪᠠᠷ ᠪᠠᠷᠠᠬᠤ ᠥᠬᠡᠶ ᠪᠠᠰᠠ ᠬᠡᠷ ᠤᠨ ᠠᠬᠠᠮᠠᠳ ᠤᠨ ᠰᠢᠯᠭᠠᠯᠲᠠ ᠶᠢᠨ ᠪᠠᠴᠢᠮ ᠪᠠᠶᠢᠳᠠᠯ ᠢ ᠨᠠᠮᠳᠠᠭᠠᠪᠠ᠃ | |