ᠴᠢᠷᠮᠠᠢ︕ 2023 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠡᠨᠡ ᠡᠳᠦᠷ ᠡᠬᠢᠯᠡᠵᠦ ᠬᠢᠯᠢ ᠶᠢᠨ ᠪᠣᠭᠤᠮᠲᠠ ᠶᠢᠨ 508 ᠰᠢᠯᠭᠠᠭᠤᠯᠤᠭᠴᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ  ᠪᠠᠷ ᠰᠢᠯᠭᠠᠯᠳᠠ ᠶᠢᠨ ᠳᠠᠯᠠᠪᠠᠢ ᠳᠤ ᠣᠷᠣᠯ᠎ᠠ
ᠨᠡᠶᠢᠲᠡᠯᠡᠭᠰᠡᠨ ᠴᠠᠭ᠄
2023/6/8
     6 ᠰᠠᠷ᠎ᠠ ᠶᠢᠨ 7 ᠤ ᠡᠳᠦᠷ᠂ 2023 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠡᠬᠢᠯᠡᠭᠦᠯᠵᠦ᠂ ᠮᠠᠨ ᠤ ᠬᠤᠲᠠ ᠶᠢᠨ 508 ᠰᠢᠯᠭᠠᠭᠤᠯᠤᠭᠴᠢ ᠢᠷᠡᠭᠡᠳᠦᠶ ᠶᠢᠨ ᠲᠤᠬᠠᠶ ᠬᠦᠰᠡᠯ ᠡᠷᠡᠮᠡᠯᠵᠡᠯ ᠢᠶᠠᠨ ᠡᠪᠦᠷᠯᠡᠨ᠂ ᠬᠥᠮᠦᠨ ᠤ ᠠᠮᠢᠳᠤᠷᠠᠯ ᠤᠨ ᠠᠩᠬᠠᠳᠤᠭᠠᠷ ᠤᠳᠠᠭᠠᠨ ᠤ ᠶᠡᠭᠡ ᠰᠢᠯᠭᠠᠯᠲᠠ ᠶᠢ ᠤᠭᠲᠤᠵᠤ ᠪᠠᠶᠢᠨ᠎ᠠ᠃    ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠩᠬᠠᠨ ᠤ ᠡᠳᠦᠷ᠂ ᠰᠤᠷᠪᠤᠯᠵᠢᠯᠠᠭᠴᠢ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠮᠠᠰᠢ ᠣᠯᠠᠨ ᠬᠡᠷ ᠤᠨ ᠠᠬᠠᠮᠠᠳ ᠤᠨ ᠪᠠᠷ᠎ᠠ ᠪᠤᠯᠤᠯᠭ᠎ᠠ ᠲᠠᠢ ᠪᠠᠷ ᠠᠯᠢ ᠡᠷᠲᠡ ᠰᠢᠯᠭᠠᠯᠲᠠ ᠶᠢᠨ ᠴᠡᠭ ᠲᠤ ᠬᠦᠷᠴᠦ ᠭᠠᠳᠠᠨ᠎ᠠ ᠬᠦᠯᠢᠶᠡᠵᠦ ᠪᠠᠶᠢᠬᠤ ᠶᠢ ᠣᠯᠵᠤ ᠬᠠᠷᠠᠪᠠ᠃    ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢᠯᠭᠠᠯᠲᠠ ᠳᠠᠭᠤᠰᠬᠤ ᠶᠢᠨ ᠳᠠᠭᠠᠤ ᠬᠡᠯᠡ ᠪᠢᠴᠢᠭ ᠤᠨ ᠬᠢᠴᠢᠶᠡᠯ ᠲᠥᠷᠥᠯ ᠤᠨ ᠰᠢᠯᠭᠠᠯᠲᠠ ᠳᠠᠭᠤᠰᠪᠠ᠃ ᠵᠠᠷᠢᠮ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠠᠴᠠ ᠲᠦᠷᠭᠡᠨ ᠭᠠᠷᠴᠤ᠂ ᠵᠠᠷᠢᠮ ᠨᠢ ᠰᠤᠷᠤᠭᠴᠢᠳ ᠲᠠᠢ ᠬᠠᠮᠲᠤ ᠳᠠᠷᠠᠭ᠎ᠠ ᠤᠳᠠᠭᠠᠨ ᠤ ᠰᠢᠯᠭᠠᠯᠲᠠ ᠶᠢᠨ ᠲᠥᠯᠥᠭᠡ ᠬᠦᠴᠦ ᠨᠡᠮᠡᠵᠦ᠂ ᠵᠠᠷᠢᠮ ᠨᠢ ᠬᠡᠪ ᠤᠨ ᠪᠠᠶᠢᠳᠠᠯ ᠢᠶᠠᠨ ᠪᠠᠳᠠᠷᠠᠭᠤᠯᠵᠤ᠂ ᠲᠠᠷᠠᠭᠠᠴᠢ ᠶᠢᠨ ᠰᠢᠯᠭᠠᠯᠲᠠ ᠶᠢᠨ ᠳᠤᠮᠳᠠ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠮᠠᠨ ᠤ ᠬᠤᠲᠠ ᠳᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠢᠭᠡ ᠰᠢᠯᠭᠠᠯᠲᠠ ᠶᠢᠨ ᠴᠡᠭ ᠭᠠᠷᠭᠠᠵᠤ᠂ ᠨᠡᠶᠢᠲᠡ 19 ᠰᠢᠯᠭᠠᠯᠲᠠ ᠶᠢᠨ ᠲᠠᠯᠠᠪᠠᠶ ᠪᠠ 2 ᠪᠡᠯᠡᠳᠬᠡᠯ ᠰᠢᠯᠭᠠᠯᠲᠠ ᠶᠢᠨ ᠲᠠᠯᠠᠪᠠᠶ ᠲᠠᠢ᠃ ᠰᠢᠯᠭᠠᠯᠲᠠ ᠶᠢᠨ ᠶᠠᠪᠤᠳᠠᠯ ᠤᠨ ᠰᠠᠬᠢᠯᠭ᠎ᠠ ᠪᠠᠲᠤ ᠶᠢ ᠴᠢᠩᠳᠠᠯᠠᠬᠤ ᠶᠢᠨ ᠲᠥᠯᠥᠭᠡ᠂ ᠡᠯ᠎ᠡ ᠰᠢᠯᠭᠠᠯᠲᠠ ᠶᠢᠨ ᠲᠠᠯᠠᠪᠠᠢ ᠴᠥᠮ ᠳᠡᠭᠡᠳᠦ ᠲᠣᠳᠣ ᠰᠡᠭᠦᠳᠡᠷᠯᠡᠬᠦ ᠮᠠᠰᠢᠨ ᠣᠷᠣᠭᠤᠯᠵᠤ᠂ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ ᠪᠠᠷ ᠶᠠᠪᠤᠭᠳᠠᠬᠤ ᠶᠢ ᠪᠠᠲᠤᠯᠠᠪᠠ᠃    ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠠᠩᠬᠠᠷᠴᠤ ᠪᠠᠶᠢᠭ᠎ᠠ ᠬᠠᠶᠢᠷ᠎ᠠ ᠬᠠᠯᠠᠮᠵᠢᠲᠤ ᠬᠥᠮᠦᠰ ᠪᠣᠯᠤᠨ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠢ ᠶᠢᠨ ᠰᠢᠯᠭᠠᠯᠲᠠ ᠶᠢᠨ ᠴᠡᠭ ᠤᠨ ᠭᠠᠳᠠᠨ᠎ᠠ ︽ᠰᠡᠳᠬᠢᠯ ᠢ ᠳᠤᠯᠠᠭᠠᠴᠠᠭᠤᠯᠬᠤ ᠰᠢᠯᠭᠠᠯᠲᠠ︾ ᠶᠢᠨ ᠦᠢᠯᠡᠴᠢᠯᠡᠭᠡᠨ ᠤ ᠴᠡᠭ ᠭᠠᠷᠭᠠᠵᠤ᠂ ᠰᠦᠢᠳᠬᠡᠯ ᠬᠤᠷᠢᠶᠠᠬᠤ ᠥᠬᠡᠶ ᠪᠠᠷ ᠷᠠᠰᠢᠶᠠᠨ ᠤᠰᠤ᠂ ᠪᠢᠴᠢᠭ ᠤᠨ ᠬᠡᠷᠡᠭᠰᠡᠯ ᠵᠡᠷᠭᠡ ᠬᠡᠷᠡᠭᠰᠡᠯ ᠢ ᠲᠠᠷᠬᠠᠭᠠᠵᠤ᠂  ᠰᠣᠷᠣᠭᠴᠢᠳ ᠲᠤ ᠦᠢᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ︽ᠪᠠᠲᠤᠯᠠᠬᠤ︾ ᠪᠠᠷ ᠪᠠᠷᠠᠬᠤ ᠥᠬᠡᠶ ᠪᠠᠰᠠ ᠬᠡᠷ ᠤᠨ ᠠᠬᠠᠮᠠᠳ ᠤᠨ ᠰᠢᠯᠭᠠᠯᠲᠠ ᠶᠢᠨ ᠪᠠᠴᠢᠮ ᠪᠠᠶᠢᠳᠠᠯ ᠢ ᠨᠠᠮᠳᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号