ᠡᠷᠢᠶᠡᠨ ᠬᠤᠲᠠ ︽ᠨᠢᠭᠡ ᠰᠡᠳᠬᠢᠯ ᠢᠶᠠᠷ ᠪᠣᠭᠤᠮᠳᠠ ᠶᠢ ᠴᠣᠭᠴᠠᠯᠠᠵᠦ᠂ ᠤᠯᠤᠰ ᠤᠨ ᠲᠤᠭ ᠢᠶᠠᠷ ᠬᠢᠯᠢ ᠶᠢ ᠭᠡᠶᠢᠭᠦᠯᠬᠦ︾  ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/9
  6 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠭᠡᠷᠡᠯᠳᠦᠠᠣᠳᠦ ᠬᠢᠯᠢ ᠶᠢᠨ ᠲᠣᠮᠢᠯᠠᠭᠰᠠᠨ ᠰᠠᠯᠪᠤᠷᠢ  ᠬᠦᠭᠵᠢᠯᠳᠣᠶᠠᠭ᠎ᠠ ᠭᠠᠴᠠᠭ᠎ᠠ ᠶᠢᠨ ᠬᠢᠯᠢ ᠶᠢᠨ ᠪᠠᠬᠢᠯᠡᠯᠲᠡ ᠡᠷᠦᠬᠡ ᠳᠠᠪᠰᠢᠯᠲᠤ ᠶᠢᠨ ᠳᠤ ᠬᠠᠮᠲᠤᠷᠠᠨ ︽ᠨᠢᠭᠡ ᠰᠡᠳᠬᠢᠯ ᠢᠶᠠᠷ ᠪᠣᠭᠤᠮᠳᠠ ᠶᠢ ᠴᠣᠭᠴᠠᠯᠠᠵᠦ᠂ ᠤᠯᠤᠰ ᠤᠨ ᠲᠤᠭ ᠢᠶᠠᠷ ᠬᠢᠯᠢ ᠶᠢ ᠭᠡᠶᠢᠭᠦᠯᠬᠦ︾ ᠡᠬᠢᠯᠡᠯᠲᠡ ᠶᠢᠨ ᠶᠣᠰᠣᠯᠠᠯ ᠶᠠᠪᠤᠭᠤᠯᠪᠠ᠃
  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠾᠧᠦ ᠶᠠᠨ ᠮᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠯᠠᠭᠠᠨ ᠵᠢᠴᠢ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠠᠮ ᠵᠠᠭᠤᠴᠢᠯᠠᠭᠤᠷ ᠤᠨ ᠲᠥᠪ᠂ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠪᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
   ᠠᠵᠢᠯᠯᠠᠭ᠎ᠠ ᠶᠢᠨ ᠳᠤᠮᠳᠠ᠂ ᠬᠤᠲᠠ ᠶᠢᠨ ᠤᠳᠤᠷᠢᠳᠤᠯᠭ᠎ᠠ ᠬᠢᠯᠢ ᠶᠢᠨ ᠪᠠᠬᠢᠯᠡᠯᠲᠡ ᠡᠷᠦᠬᠡ ᠳᠠᠪᠰᠢᠯᠲᠣ ᠳᠤ ᠤᠯᠤᠰ ᠤᠨ ᠲᠤᠭ ᠣᠯᠭᠤᠭᠰᠠᠨ ᠪᠥᠭᠡᠳ ︽ᠬᠢᠯᠢ ᠶᠢᠨ ᠬᠠᠮᠠᠭᠠᠯᠠᠯᠲᠠ ᠶᠢᠨ ᠥᠷᠲᠡᠭᠡ︾ ᠶᠢᠨ ᠫᠠᠶᠢᠰᠠ ᠶᠢ ᠰᠡᠬᠦᠪᠡ᠃    ᠲᠤᠬᠠᠢ ᠶᠢᠨ ᠲᠠᠯᠠᠪᠠᠢ ᠳᠤ᠂ ︽ᠤᠯᠤᠰ ᠤᠨ ᠲᠤᠭ ᠢ ᠬᠠᠮᠲᠤ ᠪᠠᠷ ᠮᠠᠨᠳᠤᠭᠤᠯᠵᠤ᠂ ᠤᠯᠤᠰ ᠤᠨ ᠳᠠᠭᠤᠤ ᠶᠢ ᠬᠠᠮᠲᠤ ᠪᠠᠷ ᠳᠠᠭᠤᠯᠠᠬᠤ︾ ᠲᠤᠭ ᠮᠠᠨᠳᠤᠭᠤᠯᠬᠤ ᠶᠣᠰᠣᠯᠠᠯ ᠪᠠ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠤᠩᠰᠢᠬᠤ ᠠᠵᠢᠯᠯᠠᠭ᠎ᠠ ᠥᠷᠨᠢᠭᠦᠯᠪᠡ᠃ ᠪᠦᠬᠦ ᠨᠠᠮ ᠤᠨ ᠭᠡᠰᠢᠭᠦᠨ ᠨᠠᠮ ᠤᠨ ᠲᠤᠭ ᠲᠤ ᠬᠠᠨᠳᠤᠵᠤ᠂ ᠪᠠᠷᠠᠭᠤᠨ ᠨᠢᠳᠤᠷᠭ᠎ᠠ ᠪᠠᠨ ᠵᠠᠩᠭᠢᠳᠴᠤ᠂ ᠲᠥᠪ ᠴᠢᠩᠭ᠎ᠠ ᠪᠠᠷ ᠲᠠᠩᠭᠠᠷᠢᠭᠯᠠᠵᠤ᠄ ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠲᠦᠷᠢᠮ ᠢ ᠵᠢᠷᠤᠮᠯᠠᠨ᠎ᠠ ᠁︾ ᠭᠡᠵᠦ ᠲᠥᠪ ᠴᠢᠩᠭ᠎ᠠ ᠪᠠᠷ ᠲᠠᠩᠭᠠᠷᠢᠭᠯᠠᠪᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠵᠦ᠂ ᠬᠤᠲᠠ ᠶᠢᠨ ᠠᠷᠠᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠤᠨ ᠤᠬᠠᠮᠰᠠᠷ᠂ ᠤᠯᠤᠰ ᠤᠨ ᠨᠤᠲᠤᠭ ᠳᠡᠪᠢᠰᠬᠡᠷ ᠤᠨ ᠤᠬᠠᠮᠰᠠᠷ ᠪᠠ ᠬᠢᠯᠢ ᠬᠢᠵᠠᠭᠠᠷ ᠢ ᠪᠠᠬᠢᠵᠢᠭᠦᠯᠬᠦ ᠢᠲᠡᠭᠡᠯ ᠢ ᠨᠡᠮᠡᠭᠳᠡᠭᠦᠯᠵᠦ᠂ ᠪᠣᠭᠤᠮᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠬᠢᠯᠢ ᠬᠢᠵᠠᠭᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠ ᠦᠨᠳᠦᠰᠦᠲᠡᠨ ᠤ ᠪᠦᠯᠬᠦᠮᠳᠡᠯ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠶᠢᠨ ᠲᠥᠯᠥᠭᠡ ᠶᠤᠮ᠃    ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠪᠠᠰᠠ ᠰᠣᠶᠣᠯ ᠢ ᠦᠨᠳᠦᠰᠦᠨ ᠱᠠᠲᠤᠨ ᠳᠤ ᠪᠠᠭᠤᠯᠭᠠᠬᠤ ᠠᠵᠢᠯᠯᠠᠭ᠎ᠠ ᠥᠷᠨᠢᠭᠦᠯᠵᠦ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠨ ᠳᠡᠪᠰᠢᠭᠦᠯᠪᠡ᠃
   ᠳᠠᠷᠠᠭ᠎ᠠ ᠨᠢ᠂ ᠣᠯᠠᠨ ᠢᠶᠠᠷ ᠢᠶᠠᠨ ᠬᠢᠯᠢ ᠶᠢᠨ ᠪᠠᠬᠢᠯᠡᠯᠲᠡ ᠡᠷᠦᠬᠡ ᠨᠠᠷᠠᠨᠴᠣᠭᠲᠤ᠂ ᠬᠢᠯᠢ ᠶᠢᠨ ᠬᠠᠮᠠᠭᠠᠯᠠᠭᠴᠢ ᠽᠠᠨᠳᠠᠨ  ᠤ ᠳᠤ ᠭᠦᠨᠵᠡᠭᠡᠶᠢᠷᠡᠨ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号